ᠤᠷᠢᠳᠴᠢᠯᠠᠨ ᠠᠷᠭ᠎ᠠ ᠭᠡᠮᠵᠢᠶ᠎ᠡ ᠠᠪᠴᠤ  ᠰᠠᠭᠠᠳ ᠦᠭᠡᠢ ᠨᠡᠪᠲᠡᠷᠡᠬᠦ ᠶᠢ  ᠪᠠᠳᠤᠯᠠᠶ᠎ᠠ
ᠨᠡᠶᠢᠲᠡᠯᠡᠭᠰᠡᠨ ᠴᠠᠭ᠄
2024/12/30
    ᠬᠦᠢᠳᠡᠨ ᠠᠭᠤᠷ ᠠᠮᠢᠰᠬᠤᠯ ᠡᠴᠠ‌‍ᠪᠣᠯᠵᠤ ᠵᠠᠮ ᠳᠡᠭᠡᠷ᠎ᠡ ᠮᠥᠰᠥ ᠬᠥᠯᠳᠡᠭᠰᠡᠨ ᠪᠠ  ᠴᠠᠰᠤ  ᠬᠤᠷᠠᠵᠤ ᠵᠠᠮ ᠬᠠᠷᠢᠯᠴᠠᠭᠠᠨ ᠤ ᠶᠠᠪᠤᠵᠤ ᠰᠠᠭᠤᠬᠤ ᠳᠤ  ᠰᠠᠭᠠᠳ  ᠪᠣᠯᠬᠤ ᠶᠢ ᠠᠷᠭᠠᠴᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠡᠪᠦᠯ ᠤᠨ ᠤᠯᠠᠷᠢᠯ ᠤᠨ ᠪᠠᠴᠢᠮ ᠪᠠᠶᠢᠳᠠᠯ ᠢ ᠠᠷᠭᠠᠴᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠵᠦ᠂ ᠬᠥᠮᠦᠰ ᠢ ᠳᠠᠬᠢᠨ ᠳᠠᠶᠢᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠠᠬᠢᠨ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠳᠠᠬᠢᠨ ᠪᠠᠶᠢᠷᠢᠯᠠᠭᠤᠯᠵᠤ᠂ ᠬᠥᠳᠡᠭᠡ ᠲᠣᠰᠬᠤᠨ ᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠵᠠᠮ ᠤᠨ ᠠᠮᠤᠷ ᠲᠦᠪᠰᠢᠨ ᠤ ᠠᠳᠠᠯ ᠭᠠᠷᠬᠤ ᠶᠢ ᠴᠢᠩᠭ᠎ᠠ ᠰᠡᠷᠭᠡᠶᠢᠯᠡᠪᠡ᠃
1111.jpg
    ᠲᠥᠪ ᠠᠴᠠ ᠬᠠᠮᠢᠶᠠᠷᠴᠤ  ᠪᠠᠶᠢᠭ᠎ᠠ ᠰᠢᠶᠠᠨ ᠤ ᠵᠠᠮ ᠤᠨ ᠣᠭᠵᠤᠮ ᠡᠷᠬᠢᠬᠦ ᠪᠤᠯᠤᠩ᠂ ᠡᠭᠴᠡ ᠬᠥᠲᠥᠯ᠂ ᠲᠣᠰᠬᠤᠨ ᠪᠠᠯᠭᠠᠰᠤ ᠪᠠᠷ ᠭᠡᠳᠦᠯᠬᠦ ᠵᠠᠮ ᠤᠨ ᠬᠡᠰᠡᠭ  ᠲᠠᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ X077  ᠸᠠᠨ ᠶᠥᠩ ᠱᠤᠭᠤᠮ᠂ X079 ᠶᠥᠩ ᠲᠦ᠋ ᠱᠤᠭᠤᠮ ᠤᠨ ᠴᠠᠰᠤ ᠣᠷᠣᠬᠤ ᠨᠥᠯᠥᠭᠡ ᠪᠠᠷ ᠲᠡᠷᠭᠡ ᠶᠠᠪᠤᠭᠤᠯᠬᠤ ᠠᠮᠤᠷ ᠲᠦᠪᠰᠢᠨ  ᠢ   ᠠᠮᠠᠷᠬᠠᠨ ᠨᠦᠯᠦᠭᠡᠯᠡᠬᠦ ᠵᠠᠮ ᠤᠨ ᠬᠡᠰᠡᠭ ᠲᠤ  ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠭᠤᠣᠯᠳᠠᠯᠭ᠎ᠠ ᠲᠠᠢ ᠲᠣᠭᠲᠠᠭᠠᠪᠡ︔ ᠬᠥᠮᠥᠷᠭᠡᠯᠡᠨ ᠬᠠᠳᠠᠭᠠᠯᠠᠵᠤ  ᠪᠠᠶᠢᠭ᠎ᠠ ᠴᠠᠰᠤ ᠬᠠᠶᠢᠯᠠᠭᠤᠯᠬᠤ ᠡᠮ ᠢ ᠲᠣᠭᠠᠯᠠᠨ ᠪᠦᠷᠢᠳᠬᠡᠬᠦ ᠶᠢᠨ ᠬᠠᠮᠲᠤ ᠠᠷᠠᠴᠢᠯᠠᠨ ᠬᠠᠮᠠᠭᠠᠯᠠᠬᠤ ᠲᠡᠷᠭᠡ ᠬᠥᠰᠬᠡ᠂ ᠰᠠᠴᠤᠨ ᠠᠰᠬᠠᠬᠤ ᠮᠠᠰᠢᠨ ᠵᠡᠷᠭᠡ ᠶᠢ ᠠᠷᠠᠴᠢᠯᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠬᠤ ᠮᠠᠰᠢᠨ ᠲᠥᠬᠦᠭᠡᠷᠦᠮᠵᠢ ᠶᠢᠨ ᠪᠠᠶᠢᠳᠠᠯ ᠰᠠᠶᠢᠨ᠂ ᠮᠠᠰᠢᠨ ᠪᠠᠭᠠᠵᠢ ᠲᠥᠬᠦᠭᠡᠷᠦᠮᠵᠢ ᠭᠦᠢᠴᠡᠳ ᠪᠠᠶᠢᠬᠤ ᠶᠢ ᠦᠨᠡᠨᠬᠦ ᠪᠠᠲᠤᠯᠠᠨ᠎ᠠ᠃
222.jpg
   ᠴᠠᠰᠤ ᠪᠠᠷ ᠵᠠᠷᠯᠢᠭ ᠪᠣᠯᠭᠠᠵᠤ᠂ ᠴᠠᠰᠤ ᠶᠢ  ᠦᠵᠡᠮᠡᠭᠴᠡ ᠬᠥᠳᠡᠯᠦᠯᠴᠡᠵᠦ᠂ ᠵᠢᠦ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠠᠰᠤ ᠮᠥᠰᠥ ᠶᠢ ᠠᠷᠢᠯᠭᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠪᠠᠲᠤᠯᠠᠭ᠎ᠠ ᠬᠠᠩᠭᠠᠬᠤ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号