2024 ᠣᠨ ᠤ 12 ᠰᠠᠷ᠎ᠠ ᠶᠢᠨ 26 ᠤ ᠡᠳᠦᠷ᠂ ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠱᠠ ᠾᠧ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠷᠦᠩ ᠮᠣᠤ ᠭᠡᠷ ᠬᠤᠷᠢᠶᠠᠯᠠᠯ ᠲᠠᠢ ᠬᠠᠮᠲᠤᠷᠠᠨ᠂ ᠷᠦᠩ ᠮᠣᠤ | C1 ᠬᠤᠷᠢᠶᠠᠯᠠᠯ ᠤᠨ ᠥᠮᠴᠢᠲᠡᠨ ᠤ ᠵᠥᠪᠯᠡᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃ | ᠬᠤᠷᠠᠯ ᠳᠡᠭᠡᠷ᠎ᠡ᠂ ᠱᠠ ᠾᠧ ᠵᠡᠭᠡᠯᠢ ᠭᠤᠳᠤᠮᠵᠢ᠂ ᠷᠦᠩ ᠮᠣᠤ ᠭᠡᠷ ᠬᠤᠷᠢᠶᠠᠯᠠᠯ ᠤᠨ ᠬᠢᠨ ᠷᠦᠩ ᠮᠣᠤ C1 | ᠬᠤᠷᠢᠶᠠᠯᠠᠯ ᠤᠨ ᠪᠣᠳᠠᠲᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠪᠠ᠃ ᠮᠠᠨ ᠤ | ᠲᠥᠪ ᠠᠴᠠ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠳᠤᠷᠠᠳᠤᠭᠰᠠᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ | ᠬᠠᠷᠢᠭᠤᠯᠲᠠ ᠥᠭᠴᠦ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠴᠣᠭᠴᠠᠯᠠᠨ | ᠪᠠᠶᠢᠭᠤᠯᠬᠤ ᠶᠠᠪᠤᠴᠠ ᠵᠢᠴᠢ ᠬᠡᠷᠬᠢᠨ ᠵᠢᠷᠤᠮᠵᠢᠭᠤᠯᠤᠨ ᠠᠵᠢᠯᠯᠠᠭᠤᠯᠬᠤ ᠶᠢ ᠤᠯᠠᠮ ᠨᠢᠭᠡ ᠠᠯᠬᠤᠮ | ᠲᠠᠨᠢᠯᠴᠠᠭᠤᠯᠬᠤ ᠶᠢᠨ ᠬᠠᠮᠲᠤ ᠪᠠᠰᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ᠂ | ᠰᠣᠯᠢᠬᠤ ᠵᠢᠴᠢ ᠳᠠᠩᠰᠠᠯᠠᠭᠤᠯᠬᠤ ᠬᠠᠮᠢᠶ᠎ᠠ ᠪᠦᠬᠦᠢ ᠳᠡᠰ ᠳᠠᠷᠠᠭᠠᠯᠠᠯ ᠳᠤ ᠴᠢᠭᠯᠡᠭᠦᠯᠦᠨ ᠤᠯᠠᠮ ᠨᠢᠭᠡ ᠠᠯᠬᠤᠮ | ᠲᠠᠶᠢᠯᠤᠮᠵᠢ ᠬᠢᠪᠡ᠃ | | | | ᠲᠤᠰ ᠤᠳᠠᠭᠠᠨ ᠤ ᠬᠤᠷᠠᠯ ᠢᠶᠠᠷ ᠳᠠᠮᠵᠢᠨ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠪᠠ ᠭᠡᠷ | ᠬᠤᠷᠢᠶᠠᠯᠠᠯ ᠤᠨ ᠬᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ ᠵᠢᠴᠢ | ᠰᠣᠯᠢᠬᠤ ᠳᠤ ᠨᠡᠩ ᠭᠦᠨᠵᠡᠭᠡᠢ ᠲᠠᠨᠢᠯᠲᠠ ᠲᠠᠢ ᠪᠣᠯᠬᠤ ᠶᠢᠨ ᠬᠠᠮᠲᠤ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠤᠨ ᠠᠵᠢᠯᠯᠠᠭᠠᠨ ᠤ ᠵᠢᠷᠤᠮᠵᠢᠯ ᠢ ᠲᠣᠳᠣᠷᠬᠠᠶᠢᠯᠠᠵᠤ᠂ ᠥᠮᠴᠢᠲᠡᠨ ᠤ ᠵᠥᠪᠯᠡᠯ᠂ ᠠᠳᠠᠯ | ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠵᠢᠷᠤᠮᠵᠢᠭᠰᠠᠨ ᠠᠵᠢᠯᠯᠠᠭᠠᠨ ᠳᠤ ᠰᠠᠶᠢᠨ ᠰᠠᠭᠤᠷᠢ ᠲᠠᠯᠪᠢᠵᠤ᠂ ᠮᠠᠨ ᠤ | ᠲᠤᠭᠤᠷᠢᠭ ᠤᠨ ᠠᠳᠠᠯ ᠠᠬᠤᠢ ᠶᠢᠨ ᠬᠢᠷᠢ ᠲᠦᠪᠰᠢᠨ ᠤ ᠳᠡᠭᠡᠭᠰᠢᠯᠡᠯᠲᠡ ᠳᠤ ᠠᠰᠢᠭᠲᠠᠢ ᠪᠣᠯᠭᠠᠪᠠ᠃ | | | | | | |