ᠢᠷᠠᠭᠤ ᠠᠯᠳᠠᠷᠲᠤ ᠠᠵᠢᠯ ᠠᠴᠠ ᠪᠠᠨ ᠠᠮᠠᠷᠠᠯ᠎ᠠ︕  ᠵᠢᠦ ᠶᠤᠸᠠᠨ ᠲᠠ ᠨᠠᠷ ᠲᠤ ᠲᠠᠯᠠᠷᠬᠠᠵᠤ ᠪᠠᠶᠢᠨ᠎ᠠ 
ᠨᠡᠶᠢᠲᠡᠯᠡᠭᠰᠡᠨ ᠴᠠᠭ᠄
2024/12/30
    ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠥᠮᠦᠯᠢᠭ ᠬᠠᠯᠠᠮᠵᠢᠯᠠᠯ ᠢ ᠴᠢᠩᠭᠠᠳᠬᠠᠵᠤ᠂ ᠥᠷᠭᠡᠨ ᠣᠯᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠰᠢᠨ᠎ᠡ ᠨᠢᠭᠡ ᠦᠶ᠎ᠡ ᠶᠢᠨ ᠵᠠᠯᠠᠭᠤ ᠺᠠᠳ᠋ᠷᠴᠤᠳ ᠤᠨ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂  12 ᠰᠠᠷ᠎ᠠ ᠶᠢᠨ 25 ᠤ ᠡᠳᠦᠷ᠂ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ 2024 ᠣᠨ ᠤ ᠲᠣᠭᠤᠷᠢᠭ ᠤᠨ ᠨᠠᠮ ᠤᠨ ᠬᠤᠷᠢᠶᠠᠨ ᠤ ᠬᠠᠮᠢᠶᠠᠷᠤᠯᠲᠠ ᠶᠢᠨ ᠺᠠᠳ᠋ᠷ ᠤᠨ ᠢᠷᠠᠭᠤ ᠠᠯᠳᠠᠷᠳᠤ ᠠᠵᠢᠯ ᠠᠴᠠ ᠪᠠᠨ ᠠᠮᠠᠷᠠᠬᠤ ᠶᠣᠰᠣᠯᠠᠯ ᠢ ᠡᠷᠬᠢᠯᠡᠪᠡ᠃ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶᠠᠨ ᠤ ᠳᠡᠳ᠋ ᠳᠠᠷᠤᠭ᠎ᠠ ᠸᠠᠩ ᠰᠢᠶᠣᠤ ᠹᠠᠩ ᠂ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠶᠧ ᠠᠵᠢᠯᠯᠠᠭ᠎ᠠ ᠳᠤ ᠣᠷᠣᠯᠴᠠᠵᠤ᠂ ᠲᠤᠰᠢᠶᠠᠯ ᠠᠴᠠ ᠪᠠᠨ ᠪᠠᠭᠤᠭᠰᠠᠨ ᠺᠠᠳ᠋ᠷ ᠤᠨ ᠲᠥᠯᠥᠭᠡᠯᠡᠭᠴᠢ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠵᠠᠯᠠᠭᠤ ᠺᠠᠳ᠋ᠷ ᠤᠨ ᠲᠥᠯᠥᠭᠡᠯᠡᠭᠴᠢ ᠪᠠ ᠰᠢᠨ᠎ᠡ ᠪᠠᠷ ᠠᠵᠢᠯ ᠳᠤ ᠭᠠᠷᠤᠭᠰᠠᠨ ᠺᠠᠳ᠋ᠷ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠤ᠂ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶᠠᠨ ᠤ ᠳᠠᠷᠤᠭ᠎ᠠ ᠯᠢᠶᠠᠩ ᠶᠠᠨ ᠯᠢ ᠶᠣᠰᠣᠯᠠᠯ ᠢ ᠡᠷᠬᠢᠯᠡᠪᠡ᠃
1111.jpg
    ᠶᠣᠰᠣᠯᠠᠯ ᠳᠡᠭᠡᠷ᠎ᠡ᠂ ᠬᠤᠲᠠ᠂ ᠲᠣᠭᠤᠷᠢᠭ ᠬᠤᠶᠠᠷ ᠱᠠᠲᠤᠨ ᠤ ᠤᠳᠤᠷᠢᠳᠤᠯᠭ᠎ᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠳᠤ ᠢᠷᠠᠭᠤ ᠠᠯᠳᠠᠷ ᠤᠨ ᠠᠵᠢᠯ ᠠᠴᠠ ᠪᠠᠨ ᠠᠮᠠᠷᠠᠭᠰᠠᠨ ᠦᠨᠡᠮᠯᠡᠯ ᠣᠯᠭᠤᠪᠠ︔  ᠭᠡᠷ ᠬᠤᠷᠢᠶᠠᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢᠳ ᠲᠤ  ᠭᠡᠷ ᠬᠤᠷᠢᠶᠠᠯᠠᠯ ᠳᠤ  ᠬᠦᠷᠴᠦ ᠨᠡᠷ᠎ᠡ ᠮᠡᠳᠡᠭᠦᠯᠬᠦ ᠰᠠᠨᠠᠭᠠᠴᠢᠯᠠᠭ᠎ᠠ ᠶᠢᠨ ᠪᠢᠴᠢᠭ᠂ ᠨᠡᠷ᠎ᠡ ᠮᠡᠳᠡᠭᠦᠯᠬᠦ ᠦᠨᠡᠮᠯᠡᠯ ᠣᠯᠭᠤᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠤᠨ ︽ᠡᠴᠦᠰ ᠤᠨ ᠨᠢᠭᠡ  ᠺᠢᠯᠤᠮᠧᠲᠷ︾ ᠢ ᠦᠨᠡᠨ ᠬᠦ ᠨᠡᠪᠲᠡᠷᠡᠭᠦᠯᠵᠦ᠂ ᠺᠠᠳ᠋ᠷᠴᠤᠳ ᠤᠨ ︽ᠠᠵᠢᠯ ᠠᠴᠠ ᠪᠠᠨ ᠠᠮᠠᠷᠠᠬᠤ ᠭᠡᠵᠤ ᠪᠠᠶᠢᠭ᠎ᠠ ︾ ᠬᠠᠮᠢᠶᠠᠷᠤᠯᠲᠠ ᠠᠴᠠ ︽ᠠᠵᠢᠯ ᠠᠴᠠ ᠪᠠᠨ ᠠᠮᠠᠷᠠᠭᠰᠠᠨ︾ ᠬᠠᠮᠢᠶᠠᠷᠤᠯᠲᠠ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃
2222.jpg
    ᠶᠣᠰᠣᠯᠠᠯ ᠤᠨ ᠲᠤᠬᠠᠢ ᠶᠢᠨ ᠲᠠᠯᠠᠪᠠᠢ ᠳᠤ ᠣᠷᠬᠢᠯᠤᠮ᠎ᠠ ᠰᠡᠳᠬᠢᠯᠭᠡ ᠪᠠᠷ ᠪᠢᠯᠬᠠᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠯᠢᠦ ᠶᠠᠨ ᠨᠥᠬᠦᠷ ᠥᠪᠡᠷ ᠤᠨ ᠵᠢᠦ ᠶᠤᠸᠠᠨ ᠲᠣᠭᠤᠷᠢᠭ ᠲᠠᠬᠢ ᠭᠤᠴᠢᠭᠠᠳ ᠵᠢᠯ ᠤᠨ ᠠᠵᠢᠯ ᠤᠨ ᠥᠩᠭᠡᠷᠡᠯᠲᠡ ᠪᠠᠨ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ︽ᠠᠵᠢᠯ ᠤᠨ ᠲᠠᠯᠠᠪᠤᠷ ᠢᠶᠠᠨ ᠬᠦᠨᠳᠦᠳᠬᠡᠵᠦ᠂  ᠠᠵᠢᠯᠯᠠᠭᠰᠠᠨ ᠦᠩᠭᠡᠷᠡᠯᠲᠡ ᠳᠡᠭᠡᠨ ᠭᠡᠮᠰᠢᠭᠰᠡᠨ ᠦᠭᠡᠢ᠂ ᠠᠴᠢ ᠡᠨᠡᠷᠢᠯ ᠳᠤ ᠲᠠᠯᠠᠷᠬᠠᠵᠤ᠂ ᠳᠣᠲᠣᠭᠠᠳᠤ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠵᠦ ᠵᠣᠬᠢᠶᠠᠨ ᠪᠠᠶᠢᠭᠤᠯᠤᠯᠲᠠ ᠳᠤ ᠲᠠᠯᠠᠷᠬᠠᠵᠤ ᠪᠠᠶᠢᠭ᠎ᠠ ᠰᠡᠳᠬᠢᠯᠭᠡ ᠪᠣᠯᠤᠨ ᠵᠢᠦ ᠶᠤᠸᠠᠨ ᠲᠣᠭᠤᠷᠢᠭ ᠤᠨ ᠡᠯ᠎ᠡ ᠵᠦᠢᠯ ᠤᠨ ᠦᠢᠯᠡᠰ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠬᠤ ᠪᠠᠨ ᠭᠦᠨ ᠢᠯᠡᠳᠬᠡᠪᠡ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠵᠠᠯᠠᠭᠤ ᠺᠠᠳ᠋ᠷ ᠤᠨ ᠲᠥᠯᠥᠭᠡᠯᠡᠭᠴᠢ ᠯᠢᠦ ᠯᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ  ᠡᠭᠦᠷᠭᠡ ᠬᠠᠷᠢᠭᠤᠴᠠᠯᠭ᠎ᠠ  ᠶᠢ ᠡᠭᠦᠷᠭᠡᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠵᠢᠦ ᠶᠤᠸᠠᠨ ᠲᠣᠭᠤᠷᠢᠭ ᠤᠨ ᠣᠳᠣᠬᠢᠴᠢᠯᠠᠭᠰᠠᠨ ᠲᠥᠪ ᠬᠤᠲᠠ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤ ᠪᠣᠯᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ᠡᠭᠦᠨ ᠤ ᠬᠠᠮᠲᠤ᠂ ᠰᠢᠨ᠎ᠡ ᠪᠠᠷ  ᠠᠵᠢᠯ  ᠳᠤ ᠤᠷᠤᠭᠰᠠᠨ ᠠᠵᠢᠯᠲᠠᠨ ᠠᠵᠢᠯᠴᠢᠨ ᠲᠡᠷᠢ ᠲᠡᠭᠰᠢ ᠵᠢᠭᠰᠠᠵᠤ᠂ ᠲᠠᠪᠤᠨ ᠣᠳᠣᠲᠤ ᠤᠯᠠᠭᠠᠨ ᠲᠤᠭ ᠲᠡᠶᠢᠰᠢ ᠲᠥᠪ ᠴᠢᠩᠭ᠎ᠠ ᠪᠠᠷ ᠲᠠᠩᠭᠠᠷᠢᠭᠯᠠᠵᠤ᠂ ᠠᠬᠠᠮᠠᠳ ᠦᠶ᠎ᠡ ᠶᠢᠨ ᠬᠢᠨ ᠤ ᠡᠭᠦᠷᠭᠡ ᠬᠠᠷᠢᠭᠤᠴᠠᠯᠭ᠎ᠠ ᠶᠢ ᠬᠦᠯᠢᠶᠡᠨ ᠠᠪᠴᠤ᠂ ᠰᠢᠨ᠎ᠡ ᠠᠶᠠᠨ ᠵᠠᠮ ᠢᠶᠠᠨ ᠡᠬᠢᠯᠡᠭᠦᠯᠬᠦ ᠪᠣᠯᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠶᠧ ᠨᠥᠬᠦᠷ ᠶᠣᠰᠣᠯᠠᠯ ᠳᠡᠭᠡᠷ᠎ᠡ ᠶᠠᠷᠢᠶ᠎ᠠ  ᠲᠠᠯᠪᠢᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠵᠢᠦ ᠶᠤᠸᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠭᠠᠷᠭᠠᠭᠰᠠᠨ ᠴᠢᠷᠮᠠᠶᠢᠯᠭ᠎ᠠ᠂ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠬᠦ ᠶᠢᠨ ᠬᠠᠮᠲᠤ ᠠᠵᠢᠯ ᠠᠴᠠ ᠪᠠᠨ ᠠᠮᠠᠷᠠᠭᠰᠠᠨ ᠺᠠᠳ᠋ᠷ ᠪᠣᠯᠤᠨ ᠵᠠᠯᠠᠭᠤ ᠺᠠᠳ᠋ᠷᠴᠤᠳ ᠲᠤ ᠬᠦᠰᠡᠯ ᠡᠷᠡᠮᠡᠯᠵᠡᠯ ᠢᠶᠠᠨ ᠢᠯᠡᠳᠬᠡᠵᠦ᠂ ᠠᠵᠢᠯ ᠠᠴᠠ ᠪᠠᠨ ᠠᠮᠠᠷᠠᠭᠰᠠᠨ ᠺᠠᠳ᠋ᠷ ᠲᠤᠰᠢᠶᠠᠯ ᠠᠴᠠ ᠪᠠᠨ ᠪᠠᠭᠤᠭᠰᠠᠨ ᠴᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠵᠢᠦ ᠶᠤᠸᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ ︔ ᠵᠠᠯᠠᠭᠤ ᠺᠠᠳ᠋ᠷᠴᠤᠳ ᠠᠬᠠᠮᠠᠳ ᠺᠠᠳ᠋ᠷᠴᠤᠳ ᠤᠨ ᠰᠢᠯᠢᠳᠡᠭ ᠰᠤᠷᠲᠠᠯ᠂ ᠤᠯᠤᠰ ᠲᠥᠷᠥ ᠶᠢᠨ ᠬᠡᠪ ᠴᠢᠨᠠᠷ ᠢ ᠤᠯᠠᠮᠵᠢᠯᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ ᠲᠡᠮᠡᠴᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠷᠠᠮ ᠦᠭᠡᠢ ᠵᠣᠷᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠤᠯᠠᠮᠵᠢᠯᠠᠨ ᠵᠠᠯᠭᠠᠮᠵᠢᠯᠠᠵᠤ᠂ ᠬᠠᠷᠭᠤᠭᠤᠯᠤᠨ ᠪᠠᠷᠢᠮᠵᠢᠶᠠᠯᠠᠬᠤ ᠳᠤᠮᠳᠠ ᠪᠣᠳᠠᠲᠠᠢ ᠠᠵᠢᠯᠯᠠᠬᠤ ᠶᠢ ᠬᠦᠰᠡᠵᠦ ᠪᠠᠶᠢᠨ᠎ᠠ ᠭᠡᠵᠡᠢ᠃    ᠲᠤᠰ ᠤᠳᠠᠭᠠᠨ ᠤ ᠢᠷᠠᠭᠤ  ᠠᠯᠳᠠᠷᠳᠠᠢ ᠪᠠᠷ ᠠᠵᠢᠯ ᠠᠴᠠ ᠪᠠᠨ ᠪᠠᠭᠤᠬᠤ ᠶᠣᠰᠣᠯᠠᠯ ᠨᠢ ᠡᠭᠡᠯ ᠪᠣᠷᠣᠭᠵᠢᠭᠤᠨ᠂ ᠬᠥᠷ ᠬᠥᠭᠵᠢᠶᠡᠨ ᠢᠶᠠᠷ  ᠪᠢᠯᠬᠠᠵᠠᠢ᠃ ᠬᠤᠶᠢᠰᠢᠳᠠ᠂ ᠵᠢᠦ ᠶᠤᠸᠠᠨ ᠲᠣᠭᠤᠷᠢᠭ ᠤᠨ ᠬᠢᠨ ᠺᠠᠳ᠋ᠷ ᠤᠨ ᠠᠵᠢᠯ ᠠᠴᠠ ᠪᠠᠨ ᠪᠠᠭᠤᠵᠤ ᠠᠮᠠᠷᠠᠬᠤ ᠳᠦᠷᠢᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯᠪᠡᠭ ᠪᠠᠶᠠᠯᠢᠭ ᠠᠵᠢᠯ ᠠᠴᠠ ᠪᠠᠨ ᠪᠠᠭᠤᠵᠤ ᠠᠮᠠᠷᠠᠬᠤ ᠠᠵᠢᠯᠯᠠᠭ᠎ᠠ ᠶᠢ ᠥᠷᠨᠢᠭᠦᠯᠵᠦ᠂ ᠦᠢᠯᠡᠴᠢᠯᠡᠭᠡ ᠶᠢ ᠵᠣᠯᠭᠠᠭᠤᠯᠬᠤ ᠪᠠ ᠪᠠᠲᠤᠯᠠᠬᠤ ᠶᠢ ᠴᠢᠷᠮᠠᠶᠢᠨ ᠰᠠᠶᠢᠲᠤᠷ ᠬᠢᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠮᠢᠳᠤᠷᠠᠯ ᠢ ᠬᠠᠶᠢᠷ᠎ᠠ ᠰᠡᠳᠬᠢᠯᠭᠡ ᠲᠠᠢ᠂ ᠥᠩᠭᠡ ᠪᠤᠳᠤᠭ ᠲᠠᠢ᠂ ᠦᠨ᠎ᠡ ᠥᠷᠲᠡᠭ ᠲᠠᠢ ᠪᠣᠯᠭᠠᠵᠤ᠂ ᠬᠥᠮᠦᠨ ᠤ ᠠᠮᠢᠳᠤᠷᠠᠯ ᠤᠨ ᠬᠢᠵᠠᠭᠠᠯᠠᠰᠢ ᠦᠭᠡᠢ ᠪᠣᠯᠤᠯᠴᠠᠭ᠎ᠠ ᠶᠢ ᠦᠷᠭᠦᠯᠵᠢᠯᠡᠨ ᠬᠠᠶᠢᠨ ᠰᠦᠪᠡᠭᠴᠢᠯᠡᠨ᠎ᠡ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号