ᠮᠠᠨ ᠤ ᠣᠷᠣᠨ ᠤ ᠠᠵᠤ ᠠᠬᠤᠶᠢᠯᠠᠯ ᠳᠤᠮᠳᠠᠳᠤ ᠤᠯᠤᠰ ᠤᠨ ᠲᠤᠰᠬᠠᠢ ᠠᠰᠢᠭ ᠤᠨ ᠱᠠᠩᠨᠠᠯ ᠤᠨ ᠥᠩᠭᠡᠷᠡᠭᠰᠡᠨ ᠵᠢᠯ ᠤᠳ ᠲᠠᠬᠢ ᠬᠢᠷᠢ ᠪᠦᠲᠦᠮᠵᠢ ᠶᠢ ᠴᠥᠮ ᠳᠠᠪᠠᠭᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠪᠠ
ᠨᠡᠶᠢᠲᠡᠯᠡᠭᠰᠡᠨ ᠴᠠᠭ᠄
2024/12/30
    12 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠠᠴᠠ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠃ ᠮᠠᠨ ᠤ ᠣᠷᠣᠨ ᠤ ᠮᠧᠩ ᠨᠢᠦ ᠰᠦ ᠰᠠᠭᠠᠯᠢ ᠶᠢᠨ ᠦᠢᠯᠡᠰ ᠤᠨ DHA ᠵᠠᠮᠠᠭ ᠤᠨ ᠲᠣᠰᠣ ᠠᠭᠤᠯᠬᠤ ᠨᠠᠶᠢᠷᠠᠭᠤᠯᠤᠭᠰᠠᠨ ᠰᠦ ᠵᠢᠴᠢ ᠲᠡᠭᠦᠨ ᠤ ᠦᠢᠯᠡᠳᠪᠦᠷᠢᠯᠡᠬᠦ ᠠᠷᠭ᠎ᠠ᠂ ᠢᠯᠢ ᠠᠵᠤ ᠦᠢᠯᠡᠰ ᠤᠨ ᠪᠦᠲ᠋ᠢᠯ ᠬᠦᠴᠢᠯ ᠦᠢᠯᠡᠳᠪᠦᠷᠢᠯᠡᠬᠦ ᠢ ᠱᠧᠩ ᠶᠤᠸᠠᠨ ᠠᠰᠢᠭᠲᠤ ᠪᠠᠺᠲ᠋ᠧᠷᠢ ᠶᠢᠨ ᠦᠷ᠎ᠡ ᠠᠰᠢᠭ ᠢ ᠨᠡᠮᠡᠭᠳᠡᠭᠦᠯᠬᠦ ᠨᠡᠶᠢᠯᠡᠮᠡᠯ ᠬᠤᠶᠠᠷ ᠵᠦᠢᠯ ᠤᠨ ᠲᠤᠰᠬᠠᠢ ᠠᠰᠢᠭ ᠨᠢ ᠮᠥᠩᠭᠦᠨ ᠮᠧᠳᠠᠯ ᠣᠯᠵᠤ᠂ ᠮᠧᠩ ᠨᠢᠦ ᠰᠦ ᠰᠠᠭᠠᠯᠢ ᠶᠢᠨ ᠦᠢᠯᠡᠰ ᠤᠨ ᠪᠣᠭᠤᠳᠠᠯ ᠤᠨ ᠬᠠᠶᠢᠷᠴᠠᠭ ᠨᠢ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠰᠢᠯᠢᠳᠡᠭ ᠱᠠᠩᠨᠠᠯ ᠬᠦᠷᠲᠡᠪᠡ᠂ ᠡᠨᠡ ᠪᠣᠯ ᠮᠠᠨ ᠤ ᠣᠷᠣᠨ ᠥᠩᠭᠡᠷᠡᠭᠰᠡᠨ ᠵᠢᠯ ᠤᠳ ᠢ ᠪᠣᠳᠤᠪᠠᠯ ᠳᠤᠮᠳᠠᠳᠤ ᠤᠯᠤᠰ ᠤᠨ ᠲᠤᠰᠬᠠᠢ ᠠᠰᠢᠭ ᠤᠨ ᠱᠠᠩᠨᠠᠯ ᠳᠤ ᠣᠯᠣᠭᠰᠠᠨ ᠬᠠᠮᠤᠭ ᠤᠨ ᠰᠠᠶᠢᠨ ᠬᠢᠷᠢ ᠪᠦᠲᠦᠮᠵᠢ ᠪᠣᠯᠣᠨ᠎ᠠ᠃ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号