ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ  ᠶᠢᠨ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠠᠵᠢᠯᠯᠠᠭ᠎ᠠ
ᠨᠡᠶᠢᠲᠡᠯᠡᠭᠰᠡᠨ ᠴᠠᠭ᠄
2024/12/31
       图片1.png
       12 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨᠠᠬᠢ 14 ᠴᠠᠭ 40 ᠮᠢᠨᠦ᠋ᠲ ᠲᠤ᠂ ᠤᠯᠤᠰ ᠤᠨ ᠥᠮᠴᠢᠯᠡᠯᠲᠦ ᠮᠡᠷᠭᠡᠨ ᠣᠢ ᠰᠢᠭᠤᠢ ᠶᠢᠨ ᠲᠠᠯᠠᠪᠠᠢ ᠭᠠᠯ ᠤᠨ ᠪᠠᠶᠢᠳᠠᠯ ᠤᠨ ᠰᠡᠷᠡᠮᠵᠢ ᠶᠢᠨ ᠳᠣᠬᠢᠶ᠎ᠠ ᠶᠢ ᠲᠤᠰᠴᠤ᠂  ᠬᠤᠶᠠᠷᠬᠤᠳᠳᠤᠭ  ᠤᠨ ᠳᠥᠷᠪᠡᠳᠦᠭᠡᠷ  ᠪᠠᠷᠢᠭᠠᠳᠠ ᠶᠢᠨ ᠲᠠᠷᠢᠶᠠᠯᠠᠩ  ᠤᠨ ᠭᠡᠷᠡᠭᠯᠡᠭᠡᠨ ᠤ ᠭᠠᠵᠠᠷ ᠲᠤ ᠭᠠᠯ  ᠭᠠᠷᠤᠭᠰᠠᠨ ᠢ ᠮᠡᠳᠡᠪᠡ᠃  ᠤᠯᠤᠰ ᠤᠨ ᠥᠮᠴᠢᠯᠡᠯ ᠤᠨ ᠮᠡᠷᠭᠡᠨ ᠣᠢ ᠰᠢᠭᠤᠢ ᠶᠢᠨ ᠲᠠᠯᠠᠪᠠᠢ ᠴᠠᠭ ᠲᠤᠬᠠᠢ ᠳᠤᠨᠢ ᠭᠠᠯ ᠤᠨᠲᠠᠷᠠᠭᠠᠬᠤ ᠤᠰᠤᠨ ᠲᠡᠷᠭᠡ᠂ ᠴᠡᠷᠢᠭ ᠵᠥᠭᠡᠭᠡᠪᠦᠷᠢᠯᠡᠬᠦ ᠲᠡᠷᠭᠡ 2 ᠰᠠᠭᠤᠷᠢ᠂ ᠠᠵᠢᠯᠲᠠᠨ ᠠᠵᠢᠯᠴᠢᠨ 10 ᠬᠥᠮᠦᠨ ᠢ ᠬᠥᠳᠡᠯᠭᠡᠨ ᠲᠤᠬᠠᠢ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠬᠤ ᠠᠵᠢᠯ ᠥᠷᠨᠢᠭᠦᠯᠪᠡ᠃ 15 ᠴᠠᠭ 33 ᠮᠢᠨᠦ᠋ᠲ ᠭᠠᠯ ᠢ ᠤᠨᠲᠠᠷᠠᠭᠠᠵᠤ᠂  ᠠᠵᠢᠯᠲᠠᠳ ᠲᠤᠬᠠᠢ ᠶᠢᠨ ᠲᠠᠯᠠᠪᠤᠷ ᠲᠤ ᠨᠠᠷᠢᠨ ᠨᠢᠮᠪᠠᠢ ᠳᠠᠬᠢᠨ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠲᠤ ᠳᠠᠬᠢᠨ ᠨᠣᠴᠣᠬᠤ ᠳᠠᠯᠳᠠ ᠭᠡᠮ ᠦᠭᠡᠢ ᠪᠠᠶᠢᠬᠤ ᠶᠢ ᠪᠠᠲᠤᠯᠠᠪᠠ᠃
222222.jpg       
    ᠤᠯᠤᠰ ᠤᠨ ᠥᠮᠴᠢᠯᠡᠯ ᠤᠨ ᠮᠡᠷᠭᠡᠨ ᠣᠢ ᠰᠢᠭᠤᠢ ᠶᠢᠨ ᠲᠠᠯᠠᠪᠠᠢ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠪᠠᠷ ᠣᠨᠲᠠᠷᠠᠭᠠᠬᠤ︾ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠬᠠᠷᠢᠶ᠎ᠠ ᠣᠷᠣᠨ ᠤ ᠣᠯᠠᠨ ᠲᠦᠮᠡᠨ ᠳᠤ ᠭᠠᠯ ᠬᠡᠷᠡᠭᠯᠡᠬᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠢ ᠣᠯᠠᠨ ᠤᠳᠠᠭ᠎ᠠ ᠬᠠᠪᠰᠤᠷᠤᠨ ᠭᠠᠯ ᠲᠦᠢᠮᠡᠷ ᠤᠨ ᠪᠠᠶᠢᠳᠠᠯ ᠢ ᠴᠠᠭ ᠲᠤᠬᠠᠢ ᠳᠤᠨᠢ ᠤᠨᠲᠠᠷᠠᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号