ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ | ︽ᠴᠡᠴᠡᠷᠯᠢᠭ ᠤᠨ ᠭᠡᠦᠬᠡᠳ ᠪᠠ ᠪᠠᠭ᠎ᠠ ᠰᠤᠷᠭᠠᠭᠤᠯᠢ ᠶᠢᠨ ᠭᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠬᠦ | ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ ᠲᠤᠬᠠᠶ ᠮᠡᠳᠡᠭᠳᠡᠯ︾ | ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ᠄ ᠬᠡᠦᠬᠡᠳ ᠪᠠᠭᠠᠴᠤᠳ ᠤᠨ ᠡᠳᠦᠷ ᠪᠦᠷᠢ ᠶᠢᠨ ᠬᠡᠷ ᠤᠨ ᠭᠠᠳᠠᠨᠠᠬᠢ | ᠬᠥᠳᠡᠯᠭᠡᠭᠡᠨ ᠤ ᠴᠠᠭ ᠢ 2 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠡᠭᠦᠨ ᠳᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠴᠠᠭ ᠢ 1 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠪᠠᠭ᠎ᠠ ᠰᠤᠷᠭᠠᠭᠤᠯᠢ ᠨᠢ ᠰᠠᠷ᠎ᠠ | ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠬᠡᠦᠬᠡᠳ ᠤᠨ ᠰᠠᠭᠤᠬᠤ ᠤᠷᠤᠨ ᠪᠠᠶᠢᠷᠢ ᠳᠤ ᠲᠤᠬᠢᠷᠠᠭᠤᠯᠤᠯᠳᠠ ᠬᠢᠬᠦ | ᠭᠡᠷᠡᠭᠳᠡᠢ︔ ︽ᠲᠡᠭ ᠡᠬᠢᠯᠡᠯᠲᠡ︾ ᠶᠢᠨ ᠬᠡᠪ ᠤᠨ ᠵᠢᠭᠠᠨ ᠰᠤᠷᠭᠠᠯᠲᠠ ᠶᠢ ᠴᠢᠩᠭ᠎ᠠ ᠵᠢᠷᠤᠮᠯᠠᠵᠦ᠂ ᠪᠠᠭ᠎ᠠ | ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ ᠤ ᠰᠤᠷᠤᠬᠴᠢ ᠳᠤ ᠪᠢᠴᠢᠬᠦ ᠭᠡᠷ ᠤᠨ ᠳᠠᠰᠬᠠᠯ ᠦᠯᠡᠳᠡᠭᠡᠬᠦ ᠦᠭᠡᠶ | ᠪᠠᠶᠢᠵᠤ᠂ ᠭᠤᠷᠪᠠᠳᠤᠭᠠᠷ ᠣᠨ ᠠᠴᠠ ᠵᠢᠷᠭᠤᠳᠤᠭᠠᠷ ᠣᠨ ᠤ ᠰᠤᠷᠤᠬᠴᠢ ᠶᠢᠨ ᠪᠢᠴᠢᠬᠦ ᠳᠠᠰᠬᠠᠯ ᠤᠨ ᠴᠠᠭ ᠢ 60 | ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠶ︔ ᠡᠯᠧᠺᠲᠷᠣᠨ ᠦᠢᠯᠡᠳᠬᠦᠨ ᠬᠡᠷᠡᠭᠯᠡᠨ ᠬᠢᠴᠢᠶᠡᠯᠯᠡᠬᠦ ᠴᠠᠭ ᠢ ᠵᠠᠷᠴᠢᠮ | ᠳᠡᠭᠡᠷ᠎ᠡ ᠪᠠᠨ ᠵᠢᠭᠠᠨ ᠰᠤᠷᠭᠠᠯᠲᠠ ᠶᠢᠨ ᠶᠡᠷᠦᠩᠬᠡᠶ ᠴᠠᠭ ᠤᠨ 30 % ᠠᠴᠠ ᠬᠡᠲᠦᠷᠡᠭᠦᠯᠵᠦ ᠪᠣᠯᠬᠤ ᠥᠬᠡᠶ᠂ | ᠵᠠᠷᠴᠢᠮ ᠳᠡᠭᠡᠷ᠎ᠡ ᠪᠠᠨ ᠴᠠᠭᠠᠰᠤᠨ ᠲᠡᠭᠡᠷ᠎ᠡ ᠪᠢᠴᠢᠭᠰᠡᠨ ᠳᠠᠰᠬᠠᠯ ᠢ ᠬᠡᠷᠡᠭᠯᠡᠬᠦ ᠬᠡᠷᠡᠭᠳᠡᠢ︔ ᠰᠦᠯᠵᠢᠶᠡᠨ ᠳᠡᠭᠡᠷᠡᠬᠢ | ᠪᠣᠯᠪᠠᠰᠤᠷᠠᠯ ᠤᠨ ᠪᠠᠶᠢᠭᠤᠯᠤᠮᠵᠢ ᠨᠢ ᠬᠢᠴᠢᠶᠡᠯ ᠪᠦᠷᠢ ᠶᠢᠨ ᠴᠠᠭ ᠢ 30 ᠮᠢᠨᠦ᠋ᠲ ᠠᠴᠠ ᠬᠡᠲᠦᠷᠡᠭᠦᠯᠵᠦ ᠪᠣᠯᠬᠤ | ᠥᠬᠡᠶ᠂ ᠬᠢᠴᠢᠶᠡᠯ ᠤᠨ ᠵᠠᠪᠰᠠᠷ ᠤᠨ ᠴᠠᠭ ᠢ 10 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠥᠬᠡᠶ ᠭᠡᠵᠦ | ᠲᠤᠳᠤᠷᠬᠠᠢ ᠲᠤᠬᠳᠠᠭᠠᠪᠠ᠃ | |