ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠡᠨ ᠤ | ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠡᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠪᠠ 2024 ᠣᠨ ᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠲᠦᠷᠬᠡᠳᠬᠡᠨ᠂ ᠰᠢᠨ᠎ᠡ ᠡᠨᠧᠷᠭᠢ ᠶᠢᠨ ᠴᠢᠨᠠᠷ ᠰᠠᠶᠢᠲᠠᠢ ᠪᠦᠬᠦ ᠲᠠᠯ᠎ᠠ ᠪᠠᠷ ᠲᠡᠷᠢᠭᠦᠯᠡᠵᠦ | ᠭᠦᠭᠵᠢᠬᠦ ᠶᠢ ᠠᠬᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠲᠦᠷᠦᠭᠦᠯᠡᠨ ᠴᠤᠨᠨᠴᠠᠯᠠᠵᠦ᠂ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠭᠦᠭᠵᠢᠯᠲᠡ ᠶᠢ | ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠬᠡᠳ᠂ ᠡᠳᠦᠬᠡ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠦᠷᠦᠯ ᠵᠦᠢᠯ ᠤᠨ ᠬᠢᠨᠠᠨ | ᠵᠦᠪᠰᠢᠶᠡᠷᠡᠵᠦ ᠪᠦᠳᠦᠬᠡᠨ ᠪᠠᠶᠢᠭᠤᠯᠬᠤ ᠶᠢ ᠲᠦᠷᠭᠡᠳᠬᠡᠬᠦ ᠠᠷᠭ᠎ᠠ ᠬᠡᠮᠵᠢᠶ᠎ᠡ ᠨᠦᠭᠦᠳ ᠢ ᠲᠤᠤᠷᠠᠬᠢ ᠮᠡᠲᠦ ᠮᠡᠳᠡᠭᠳᠡᠶ᠎ᠡ᠃ | ᠨᠢᠭᠡ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠭᠦᠨᠴᠡ ᠶᠢ | ᠲᠡᠬᠡᠭᠰᠢᠯᠡᠬᠦᠯᠬᠦ ᠬᠡᠷᠡᠭᠳᠡᠢ | ᠰᠢᠨ᠎ᠡ ᠡᠨᠧᠷᠭᠢ ᠶᠢᠨ ᠲᠥᠷᠥᠯ ᠵᠦᠢᠯ ᠤᠨ ᠨᠤᠲᠠᠯᠠᠯᠲᠠ ᠶᠢᠨ ᠭᠦᠨᠴᠡ᠂ ᠰᠢᠰᠲ᠋ᠧᠮ ᠤᠨ ᠲᠥᠰᠦᠯ ᠳᠤ ᠵᠠᠯᠭᠠᠨ | ᠣᠷᠣᠭᠤᠯᠬᠤ ᠵᠢᠷᠤᠭ ᠲᠥᠯᠥᠪᠯᠡᠭᠡ ᠰᠤᠳᠤᠯᠤᠯ ᠤᠨ ᠮᠡᠳᠡᠭᠦᠯᠦᠯᠲᠡ ᠶᠢᠨ ᠭᠦᠨᠴᠡ ᠶᠢ ᠲᠣᠳᠣᠷᠬᠠᠶᠢᠯᠠᠵᠤ᠂ ᠰᠢᠨ᠎ᠡ | ᠡᠨᠧᠷᠭᠢ ᠪᠠ ᠲᠦᠭᠦᠷ ᠴᠠᠬᠢᠯᠭᠠᠨ ᠲᠣᠤᠷ ᠤᠨ ᠲᠥᠷᠥᠯ ᠵᠦᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠯᠦᠪᠵᠢᠬᠦᠯᠬᠡ ᠳᠤ ᠤᠷᠤᠭᠤᠯᠬᠤ ᠪᠠᠷ | ᠭᠤᠶᠤᠴᠢᠯᠠᠨ ᠮᠡᠳᠡᠭᠦᠯᠬᠦ ᠠᠴᠠ ᠡᠮᠦᠨ᠎ᠡ ᠰᠣᠩᠭᠤᠬᠤ ᠪᠠᠷ ᠲᠦᠰᠦᠪᠯᠡᠵᠦ ᠪᠠᠶᠢᠭ᠎ᠠ ᠲᠠᠯᠠᠪᠤᠷ ᠤᠨ ᠬᠠᠶ᠋ᠢᠭ ᠢᠶᠠᠨ | ᠨᠠᠶᠢᠳᠠᠪᠤᠷᠢᠵᠢᠭᠤᠯᠵᠤ᠂ ᠰᠡᠷᠭᠡᠭ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠬᠠᠮᠢᠶ᠎ᠠ | ᠪᠥᠬᠦᠶ ᠳᠡᠮᠵᠢᠯᠭᠡ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠣᠯᠵᠤ᠂ ᠪᠠᠯᠠ ᠣᠷᠣᠭᠤᠯᠤᠯᠲᠠ ᠶᠢᠨ ᠰᠢᠢᠳᠪᠦᠷᠢᠲᠦ | ᠪᠣᠳᠣᠯᠭ᠎ᠠ ᠶᠢ ᠪᠡᠶᠡᠯᠡᠭᠦᠯᠬᠦ ᠪᠤᠶᠤ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠠᠮᠠᠯᠠᠯᠲᠠ ᠶᠢᠨ ᠪᠢᠴᠢᠭ ᠭᠠᠷᠭᠠᠨ | ᠥᠭᠴᠦ᠂ ᠴᠠᠬᠢᠯᠭᠠᠨ ᠲᠣᠤᠷ ᠤᠨ ᠠᠵᠤ ᠠᠬᠤᠶᠢᠯᠠᠯ ᠠᠴᠠ ᠭᠠᠷᠭᠠᠨᠨᠰᠠᠨ ᠰᠢᠰᠲ᠋ᠧᠮ ᠳᠤ ᠵᠠᠯᠭᠠᠵᠦ ᠤᠷᠤᠭᠤᠯᠬᠤ | ᠰᠠᠨᠠᠯ ᠢ ᠤᠯᠤᠨᠨᠰᠠᠨ ᠪᠠᠶᠢᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠣᠷᠣᠨ ᠨᠤᠲᠤᠭ ᠤᠨ ᠡᠯ᠎ᠡ | ᠱᠠᠲᠤᠨ ᠤ ᠡᠨᠧᠷᠭᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠴᠠᠬᠢᠯᠭᠠᠨ ᠲᠣᠤᠷ ᠤᠨ ᠠᠵᠤ | ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠬᠤᠶᠠᠷ᠂ ᠰᠢᠨ᠎ᠡ ᠡᠨᠧᠷᠭᠢ ᠶᠢᠨ ᠲᠥᠷᠥᠯ ᠵᠦᠢᠯ ᠪᠠ ᠲᠤᠤᠷ ᠲᠤ ᠵᠠᠯᠭᠠᠬᠤ ᠢᠨᠵᠧᠨᠧᠷᠢᠩ ᠢ ᠵᠡᠷᠭᠡ ᠳᠤ ᠨᠢ | ᠲᠦᠯᠦᠪᠵᠢᠬᠦᠯᠬᠡ ᠳᠤ ᠤᠷᠤᠭᠤᠯᠬᠤ ᠬᠡᠷᠡᠭᠳᠡᠢ | 220 ᠺᠢᠯᠤᠸᠠᠲ ᠵᠢᠴᠢ ᠲᠡᠭᠦᠨ ᠠᠴᠠ ᠳᠣᠷᠣᠭᠰᠢᠬᠢ ᠶᠢ | ᠲᠦᠭᠦᠷᠵᠢᠬᠦᠯᠦᠭᠰᠡᠨ ᠲᠣᠤᠷ ᠲᠤ ᠵᠠᠯᠭᠠᠬᠤ ᠢᠨᠵᠧᠨᠧᠷᠢᠩ ᠢ ᠰᠢᠨ᠎ᠡ ᠡᠨᠧᠷᠭᠢ ᠶᠢᠨ ᠲᠥᠷᠥᠯ ᠵᠦᠢᠯ ᠯᠦᠭᠡ | ᠵᠡᠷᠭᠡ ᠳᠤ ᠨᠢ ᠰᠡᠷᠭᠡᠭ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠪᠠ ᠪᠣᠯᠤᠮᠵᠢᠲᠤ ᠴᠢᠨᠠᠷ ᠤᠨ ᠨᠤᠲᠠᠯᠠᠯᠲᠠ | ᠬᠢᠬᠦ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠲᠥᠷᠥᠯ ᠵᠦᠢᠯ ᠯᠦᠭᠡ ᠵᠡᠷᠭᠡ ᠳᠤ ᠨᠢ ︽ᠮᠡᠳᠡᠭᠦᠯᠦᠮᠡᠭᠴᠡ ᠠᠪᠤᠨ | ᠵᠦᠪᠰᠢᠶᠡᠷᠡᠵᠦ︾ ᠬᠠᠮᠲᠤ ᠪᠠᠷ ᠲᠥᠯᠥᠪᠵᠢᠭᠦᠯᠭᠡ ᠳᠤ ᠤᠷᠤᠭᠤᠯᠤᠨ᠎ᠠ︔ ᠥᠪᠡᠷᠲᠡᠭᠡᠨ ᠵᠠᠰᠠᠬᠤ ᠣᠷᠣᠨ ᠤ | ᠴᠣᠬᠤᠯᠠᠪᠤᠷᠢᠯᠠᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ 500 ᠺᠢᠯᠤᠸᠠᠲ ᠢ ᠲᠦᠭᠦᠷᠵᠢᠬᠦᠯᠦᠭᠰᠡᠨ | ᠲᠣᠤᠷ ᠲᠤ ᠵᠠᠯᠭᠠᠬᠤ ᠢᠨᠵᠧᠨᠧᠷᠢᠩ ᠢ ᠪᠤᠯ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠯᠦᠪᠵᠢᠬᠦᠯᠬᠡ ᠳᠤ | ᠤᠷᠤᠭᠤᠯᠤᠨᠨᠰᠠᠨ ᠤ ᠳᠠᠷᠠᠭᠠᠬᠢ 30 ᠠᠵᠢᠯᠯᠠᠬᠤ ᠡᠳᠦᠷ ᠤᠨ ᠳᠣᠲᠣᠷ᠎ᠠ ᠲᠦᠯᠦᠪᠵᠢᠬᠦᠯᠬᠡ ᠳᠤ ᠤᠷᠤᠭᠤᠯᠬᠤ ᠪᠠᠷ | ᠤᠯᠤᠰ ᠲᠤ ᠭᠤᠶᠤᠴᠢᠯᠠᠨ ᠮᠡᠳᠡᠬᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠴᠠᠬᠢᠯᠭᠠᠨ ᠲᠣᠤᠷ ᠤᠨ ᠠᠵᠤ ᠠᠬᠤᠶᠢᠯᠠᠯ᠂ ᠴᠠᠬᠢᠯᠭᠠᠨ | ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠤᠤᠷ ᠲᠤ ᠵᠠᠯᠭᠠᠬᠤ ᠢᠨᠵᠧᠨᠧᠷᠢᠩ ᠢ ᠵᠡᠷᠭᠡ ᠳᠤ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠬᠤ ᠬᠡᠷᠡᠭᠳᠡᠢ | ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠶᠢᠨ | ᠲᠣᠬᠢᠷᠠᠭᠤᠯᠤᠯᠲᠠ ᠶᠢ ᠦᠨᠳᠦᠰᠦᠯᠡᠵᠦ᠂ ᠴᠠᠬᠢᠯᠭᠠᠨ ᠲᠣᠤᠷ ᠤᠨ ᠠᠵᠤ ᠠᠬᠤᠶᠢᠯᠠᠯ ᠨᠢ ᠲᠥᠯᠥᠪᠵᠢᠭᠦᠯᠭᠡ ᠶᠢ | ᠳᠠᠷᠤᠮᠠᠯᠯᠠᠨ ᠲᠠᠷᠬᠠᠭᠠᠭᠰᠠᠨ ᠤ ᠳᠠᠷᠠᠭᠠᠬᠢ 60 ᠡᠳᠦᠷ ᠤᠨ ᠳᠣᠲᠣᠷ᠎ᠠ ᠴᠠᠬᠢᠯᠭᠠᠨ ᠲᠣᠤᠷ ᠤᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠴᠠᠬᠢᠯᠭᠠᠨ ᠬᠦᠴᠦᠨ ᠤ ᠲᠡᠭᠦᠵᠢᠯᠡᠬᠦᠷ ᠤᠳᠠᠰᠤ | ᠱᠤᠭᠤᠮ ᠤᠨ ᠬᠤᠩᠭᠢᠯ᠂ ᠴᠠᠬᠢᠯᠭᠠᠨ ᠳᠡᠬᠡᠰᠦᠨ ᠤ ᠨᠡᠪᠳᠡᠷᠡᠯ ᠵᠠᠮ ᠵᠡᠷᠭᠡ ᠣᠷᠣᠨ ᠵᠠᠶ ᠶᠢᠨ ᠡᠬᠢ ᠪᠠᠶᠠᠯᠢᠭ ᠤᠨ | ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠴᠠᠬᠢᠯᠭᠠᠨ ᠬᠦᠴᠦᠨ ᠤ ᠪᠡᠯᠡᠳᠬᠡᠮᠵᠢ ᠶᠢᠨ ᠤᠯᠤᠰ ᠤᠨ ᠨᠣᠳᠤᠭ | ᠲᠡᠪᠢᠰᠬᠡᠷ ᠤᠨ ᠣᠷᠣᠨ ᠵᠠᠶ ᠶᠢᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ | ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠠᠳᠠᠯᠢ ᠱᠠᠲᠤᠨ ᠤ ᠤᠯᠤᠰ ᠤᠨ ᠨᠣᠳᠤᠭ ᠲᠡᠪᠢᠰᠭᠡᠷ ᠤᠨ ᠣᠷᠣᠨ ᠵᠠᠶ ᠶᠢᠨ ᠨᠠᠷᠢᠨ | ᠲᠥᠯᠥᠪᠵᠢᠭᠦᠯᠭᠡ ᠳᠤ ᠤᠷᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠴᠠᠬᠢᠯᠭᠠᠨ ᠲᠣᠤᠷ ᠤᠨ ᠠᠵᠤ ᠠᠬᠤᠶᠢᠯᠠᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠬᠦ ᠭᠠᠷᠳᠠᠮ ᠤᠨ ᠭᠤᠭᠴᠤᠭ᠎ᠠ ᠶᠢ | ᠴᠦᠬᠡᠳᠬᠡᠬᠦ ᠬᠡᠷᠡᠭᠳᠡᠢ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠤᠨ ᠭᠠᠵᠠᠷ ᠬᠡᠷᠡᠭᠯᠡᠬᠦ᠂ ᠣᠶ ᠰᠢᠭᠤᠶ ︵ᠨᠤᠲᠤᠭ | ᠪᠡᠯᠴᠢᠭᠡᠷ︶ ᠬᠡᠷᠡᠭᠯᠡᠬᠦ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ︽ᠵᠥᠪᠬᠡᠨ ᠨᠥᠬᠦᠪᠥᠷᠢᠯᠡᠨ | ᠵᠠᠯᠠᠷᠠᠭᠤᠯᠬᠤ ᠠᠴᠠ ᠪᠢᠰᠢ ᠪᠤᠴᠠᠭᠠᠵᠦ ᠪᠣᠯᠬᠤ ᠥᠬᠡᠶ︾᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠮᠦᠷᠳᠡᠬᠡᠨ ᠵᠥᠪᠬᠡᠨ ᠨᠢᠭᠡ ᠯᠡ ᠤᠳᠠᠭ᠎ᠠ | ᠨᠦᠭᠦᠪᠦᠷᠢᠯᠡᠨ ᠵᠠᠯᠠᠷᠠᠭᠤᠯᠵᠦ ᠪᠤᠯᠤᠨ᠎ᠠ︔ ᠭᠤᠶᠤᠴᠢᠯᠠᠨ ᠮᠡᠳᠡᠭᠦᠯᠦᠭᠰᠡᠨ ᠨᠢᠭᠡᠴᠢ ᠨᠢᠭᠡ ᠯᠡ ᠤᠳᠠᠭ᠎ᠠ ᠳᠤ | ᠨᠦᠭᠦᠪᠦᠷᠢᠯᠡᠨ ᠵᠠᠯᠠᠷᠠᠭᠤᠯᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠴᠠᠬᠢᠯᠭᠠᠨ ᠲᠣᠤᠷ ᠤᠨ ᠠᠵᠤ ᠠᠬᠤᠶᠢᠯᠠᠯ᠂ ᠴᠠᠬᠢᠯᠭᠠᠨ | ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠡᠮᠦᠨᠡᠬᠢ ᠬᠤᠭᠤᠴᠠᠭᠠᠨ ᠤ ᠭᠠᠷᠳᠠᠮ ᠢ ᠨᠡᠶᠢᠯᠡᠭᠦᠯᠵᠦ ᠬᠢᠨᠠᠨ ᠵᠥᠪᠰᠢᠶᠡᠷᠡᠬᠦ ᠶᠢ ᠪᠦᠬᠦ ᠲᠠᠯ᠎ᠠ ᠪᠠᠷ | ᠬᠡᠷᠡᠭᠵᠢᠬᠦᠯᠬᠦ ᠬᠡᠷᠡᠭᠳᠡᠢ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠳᠤ ᠲᠡᠦᠬᠡ ᠶᠢᠨ ᠳᠤᠷᠠᠰᠬᠠᠯᠲᠤ ᠵᠦᠢᠯ ᠤᠨ | ᠪᠠᠶᠢᠴᠠᠭᠠᠯᠲᠠ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠨ ᠵᠢᠱᠢᠯᠲᠡ᠂ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ᠂ ᠦᠶᠡᠷ ᠤᠨ | ᠨᠦᠯᠦᠭᠡᠨ ᠤ ᠦᠨᠡᠯᠡᠯᠲᠡ᠂ ᠠᠭᠤᠷᠬᠠᠶ ᠶᠢᠨ ᠭᠠᠷᠤᠯᠲᠠ ᠶᠢᠨ ᠳᠠᠷᠤᠨᠨᠳᠠᠯ᠂ ᠠᠮᠢ ᠠᠬᠤᠶ ᠶᠢᠨ ᠤᠯᠠᠭᠠᠨ | ᠱᠤᠭᠤᠮ ᠠᠴᠠ ᠵᠠᠶᠢᠯᠠᠵᠦ ᠪᠣᠯᠣᠰᠢ ᠦᠬᠡᠢ ᠴᠢᠨᠠᠷ ᠤᠨ ᠦᠨᠡᠯᠡᠯᠲᠡ ᠵᠡᠷᠭᠡ ᠡᠯ᠎ᠡ ᠲᠥᠷᠥᠯ ᠤᠨ ᠬᠢᠨᠠᠨ ᠵᠥᠪᠰᠢᠶᠡᠷᠡᠬᠦ | ᠭᠠᠷᠳᠠᠮ ᠢ ᠭᠦᠢᠴᠡᠳᠬᠡᠬᠦ ᠳᠤ ᠪᠠᠨ᠂ ᠲᠥᠷᠥᠯ ᠵᠦᠢᠯ ᠤᠨ ᠨᠢᠭᠡᠴᠢ ᠶᠢᠨ ᠭᠤᠶᠤᠴᠢᠯᠠᠯ ᠢ ᠦᠨᠳᠦᠰᠦᠯᠡᠵᠦ ᠪᠠᠶᠢᠭᠠᠳ | ᠨᠡᠶᠢᠯᠡᠬᠦᠯᠵᠦ ᠬᠢᠨᠠᠨ ᠵᠦᠪᠰᠢᠶᠡᠷᠡᠬᠦ ᠶᠢ ᠬᠡᠷᠡᠭᠵᠢᠬᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ | ᠤᠯᠤᠰ ᠤᠨ ᠲᠥᠷᠥ ᠶᠢᠨ ᠪᠣᠳᠣᠯᠭ᠎ᠠ ᠳᠤ ᠲᠤᠨᠨᠳᠠᠭᠠᠯ ᠲᠠᠢ ᠴᠢᠬᠤᠯᠠ ᠪᠢᠴᠢᠭ ᠮᠠᠲ᠋ᠧᠷᠢᠶᠠᠯ ᠠᠴᠠ ᠭᠠᠳᠠᠨ᠎ᠠ᠂ | ᠬᠠᠷᠢᠯᠴᠠᠨ ᠤᠷᠢᠳᠠᠴᠢ ᠵᠦᠢᠯ ᠪᠤᠯᠵᠦ ᠪᠣᠯᠬᠤ ᠦᠭᠡᠶ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠲᠦᠷᠦᠯ ᠵᠦᠢᠯ ᠳᠤ ᠬᠡᠷᠡᠭᠯᠡᠬᠦ ᠭᠠᠵᠠᠷ ᠢ ᠲᠤᠰᠢᠶᠠᠵᠤ ᠥᠭᠬᠦ ᠡᠮᠦᠨᠡᠬᠢ ᠬᠤᠭᠤᠴᠠᠭᠠᠨ ᠤ ᠠᠵᠢᠯ ᠢ | ᠰᠠᠶᠢᠲᠤᠷ ᠬᠢᠬᠦ ᠬᠡᠷᠡᠭᠳᠡᠢ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠢ ᠬᠢᠨᠠᠨ ᠵᠦᠪᠰᠢᠶᠡᠷᠡᠭᠰᠡᠨ ︵ᠪᠦ᠋ᠷᠢᠳᠬᠡᠨ | ᠳᠠᠩᠰᠠᠯᠬᠠᠰᠠᠨ︶ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ 45 ᠠᠵᠢᠯᠯᠠᠬᠤ ᠡᠳᠦᠷ ᠤᠨ ᠳᠣᠲᠣᠷ᠎ᠠ ᠭᠠᠵᠠᠷ ᠰᠢᠷᠣᠶ ᠶᠢ ᠬᠤᠳᠠᠯᠳᠤᠨ ᠠᠪᠴᠤ ᠨᠥᠭᠡᠴᠡᠯᠡᠬᠦ᠂ | ᠭᠠᠳᠠᠷᠭᠤ ᠶᠢᠨ ᠬᠠᠰᠢᠶ᠎ᠡ ᠬᠡᠷᠡᠮ ᠢ ᠠᠷᠢᠯᠭᠠᠬᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠶᠢᠨ ᠰᠢᠨᠵᠢᠬᠦ ᠵᠡᠷᠭᠡ | ᠠᠵᠢᠯ ᠢ ᠪᠡᠶᠡᠯᠡᠭᠦᠯᠵᠦ᠂ ︽ᠠᠬᠤᠢᠢᠯᠬᠠᠰᠠᠨ ᠭᠠᠵᠠᠷ ᠰᠢᠷᠤᠢ ᠬᠠᠩᠭᠠᠬᠤ︾ ᠶᠢ ᠪᠡᠶᠡᠯᠡᠭᠦᠯᠦᠨ᠂ ᠲᠥᠷᠥᠯ ᠵᠦᠢᠯ ᠤᠨ | ᠨᠢᠭᠡᠴᠢ ᠠᠴᠠ ᠪᠠᠯᠠ ᠮᠦᠩᠭᠦᠨ ᠤ ᠪᠠᠲᠤᠯᠠᠭ᠎ᠠ ᠬᠠᠩᠭᠠᠬᠤ ᠬᠡᠷᠡᠭᠳᠡᠢ᠃ ᠰᠢᠨ᠎ᠡ ᠡᠨᠧᠷᠭᠢ ᠪᠠ ᠴᠠᠬᠢᠯᠭᠠᠨ ᠲᠣᠤᠷ ᠤᠨ | ᠲᠥᠷᠥᠯ ᠵᠦᠢᠯ ᠨᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠥᠯᠥᠪᠵᠢᠭᠦᠯᠭᠡ ᠶᠢᠨ ᠬᠡᠪᠴᠢᠶᠡᠨ ᠳᠣᠲᠣᠷ᠎ᠠ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠯᠤᠨᠨᠰᠠᠨ ᠪᠠᠶᠢᠪᠠᠯ᠂ ᠨᠥᠬᠦᠴᠡᠯ ᠳᠤ ᠨᠡᠶᠢᠴᠡᠬᠦ ︵ᠳᠥᠷᠪᠡᠨ ᠬᠢᠵᠠᠭᠠᠷ ᠨᠢ ᠲᠣᠳᠣᠷᠬᠠᠶ᠂ ᠡᠷᠬᠡ ᠶᠢᠨ | ᠬᠠᠷᠢᠶ᠎ᠠ ᠨᠢ ᠮᠠᠷᠭᠤᠯᠳᠤᠭᠠᠨ ᠦᠭᠡᠶ᠂ ᠬᠠᠮᠢᠶ᠎ᠠ ᠪᠦᠬᠦᠢ ᠭᠠᠶᠢᠯᠢ ᠰᠦᠢᠳᠬᠡᠯ ᠢ ᠲᠤᠰᠢᠶᠠᠬᠰᠠᠨ︶ ᠳᠤ ᠨᠢ ︽ᠭᠠᠵᠠᠷ | ᠪᠠ ᠭᠡᠷᠡᠴᠢ ᠦᠨᠡᠮᠯᠡᠯ ᠢ ᠬᠠᠮᠲᠤ ᠲᠤᠰᠢᠶᠠᠬᠤ︾ ᠶᠢ ᠪᠦᠬᠦ ᠲᠠᠯ᠎ᠠ ᠪᠠᠷ ᠶᠠᠪᠤᠭᠤᠯᠵᠤ᠂ ᠭᠠᠵᠠᠷ ᠲᠤᠰᠢᠶᠠᠬᠤ ᠬᠢᠬᠡᠳ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠦᠯᠦ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠪᠢᠴᠢᠭ ᠢ ᠵᠡᠷᠭᠡ ᠳᠤ ᠨᠢ ᠭᠦᠢᠴᠡᠳᠬᠡᠬᠦ ᠶᠢ ᠪᠡᠶᠡᠯᠡᠬᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠴᠠᠬᠢᠯᠭᠠᠨ ᠲᠣᠤᠷ ᠤᠨ ᠠᠵᠤ | ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠳᠣᠯᠤᠭ᠎ᠠ᠂ ᠰᠢᠨ᠎ᠡ ᠡᠨᠧᠷᠭᠢ᠂ ᠴᠠᠬᠢᠯᠭᠠᠨ ᠲᠣᠣᠷ ᠤᠨ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ | ᠭᠦᠢᠴᠡᠳᠭᠡᠬᠦ ᠶᠢ ᠰᠢᠯᠢᠳᠡᠭᠵᠢᠬᠦᠯᠬᠦ ᠬᠡᠷᠡᠭᠳᠡᠢ | ︽ᠴᠠᠬᠢᠯᠭᠠᠨ ᠲᠣᠤᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠨ ᠤᠯᠠᠮ ᠨᠢᠭᠡ ᠠᠯᠬᠤᠮ ᠳᠥᠭᠦᠮᠴᠢᠯᠡᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2022︺ 55 ᠳ᠋ᠤᠭᠠᠷ ᠲᠣᠭᠠᠲᠤ︶ ᠤᠨ | ᠬᠠᠮᠢᠶ᠎ᠠ ᠪᠥᠬᠦᠶ ᠱᠠᠭᠠᠷᠳᠠᠯᠭ᠎ᠠ ᠶᠢᠨ ᠨᠠᠶᠢᠳᠠᠪᠤᠷᠢᠵᠢᠨ ᠪᠤᠳᠠᠳᠠᠶᠢᠵᠢᠬᠤ ᠶᠢ ᠦᠷᠭᠦᠯᠵᠢᠯᠡᠨ ᠰᠠᠶᠢᠲᠤᠷ ᠠᠳᠬᠤᠵᠤ᠂ | ᠭᠠᠵᠠᠷ ᠰᠢᠷᠤᠢ ᠶᠢᠨ ᠳᠠᠭᠠᠭᠤᠯᠢ ᠣᠳᠣᠨ ᠤ ᠵᠢᠷᠤᠭ ᠲᠦᠷᠰᠦ ᠪᠠᠷ ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢ | ᠴᠢᠩᠭᠠᠷᠠᠭᠤᠯᠤᠨ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠰᠠᠭᠤᠷᠢ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠦᠷ᠎ᠡ ᠪᠦᠲᠦᠮᠵᠢ ᠶᠢ ᠲᠡᠬᠡᠭᠰᠢᠯᠡᠬᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠴᠠᠬᠢᠯᠭᠠᠨ ᠲᠣᠤᠷ ᠤᠨ ᠠᠵᠤ ᠠᠬᠤᠶᠢᠯᠠᠯ᠂ | ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠨᠠᠢᠮᠠ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠭᠠᠷᠳᠠᠮ ᠤᠨ ᠳᠦᠷᠢᠮ ᠢ | ᠨᠠᠶᠢᠳᠠᠪᠤᠷᠢᠵᠢᠭᠤᠯᠬᠤ ᠬᠡᠷᠡᠭᠳᠡᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠬᠡᠷᠡᠭᠵᠢᠭᠦᠯᠬᠦ ᠠᠷᠭ᠎ᠠ︾ ᠶᠢᠨ | ᠱᠠᠭᠠᠷᠳᠠᠯᠭ᠎ᠠ ᠶᠤᠰᠤᠭᠠᠷ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠢᠭᠡᠨᠲᠡ ᠢᠨᠵᠧᠨᠧᠷᠢᠩ ᠤᠨ ᠲᠥᠷᠥᠯ ᠵᠦᠢᠯ ᠤᠨ ᠪᠣᠯᠤᠮᠵᠢᠲᠤ | ᠴᠢᠨᠠᠷ ᠤᠨ ᠰᠤᠳᠤᠯᠤᠯ ᠤᠨ ᠠᠭᠤᠯᠭ᠎ᠠ ᠪᠤᠯᠭᠠᠨᠨᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠠᠭᠢᠵᠤ | ᠠᠰᠳᠠᠭᠠᠨ ᠦᠨᠡᠯᠡᠨ ᠵᠢᠱᠢᠯᠲᠡ ᠬᠢᠬᠦ ᠥᠬᠡᠶ᠃ ᠰᠢᠨ᠎ᠡ ᠡᠨᠧᠷᠭᠢ ᠪᠠ ᠴᠠᠬᠢᠯᠭᠠᠨ ᠤ ᠲᠣᠤᠷ ᠤᠨ ᠲᠥᠷᠥᠯ ᠵᠦᠢᠯ ᠤᠨ | ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠲᠣᠭᠲᠠᠭᠠᠯ | ᠶᠣᠰᠣᠭᠠᠷ ᠭᠠᠵᠠᠷ ᠰᠢᠷᠣᠶ ᠲᠠᠲᠠᠪᠤᠷᠢᠯᠠᠬᠤ ᠬᠢᠨᠠᠨ ᠵᠦᠪᠰᠢᠶᠡᠷᠡᠯ ᠢ ᠭᠤᠶᠤᠴᠢᠯᠠᠨ ᠮᠡᠳᠡᠭᠦᠯᠬᠦ ᠠᠴᠠ ᠡᠮᠦᠨ᠎ᠡ᠂ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠵᠤ ᠪᠡᠶᠡᠯᠡᠬᠦᠯᠬᠦ ᠬᠡᠷᠡᠭᠳᠡᠢ | ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠴᠠᠬᠢᠯᠭᠠᠨ ᠲᠣᠤᠷ ᠤᠨ ᠠᠵᠤ ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠶᠢᠰᠦ᠂ ᠣᠢ ᠰᠢᠭᠤᠢ ᠨᠣᠳᠤᠭ ᠪᠡᠯᠴᠢᠭᠡᠷ ᠬᠡᠷᠡᠭᠯᠡᠬᠦ ᠭᠠᠷᠳᠠᠮ ᠢ ᠰᠢᠯᠢᠳᠡᠭᠵᠢᠬᠦᠯᠬᠦ ᠬᠡᠷᠡᠭᠳᠡᠢ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠤᠨ ᠣᠶ ᠰᠢᠭᠤᠶ ︵ᠨᠤᠲᠤᠭ ᠪᠡᠯᠴᠢᠭᠡᠷ︶ ᠶᠢ | ᠲᠦᠷ ᠬᠡᠷᠡᠭᠯᠡᠬᠦ ᠭᠠᠷᠳᠠᠮ ᠢ ᠣᠶ ᠰᠢᠭᠤᠶ ︵ᠨᠤᠲᠤᠭ ᠪᠡᠯᠴᠢᠭᠡᠷ︶ ᠶᠢ ᠦᠨᠢᠲᠡ ᠬᠡᠷᠡᠭᠯᠡᠬᠦ ᠭᠠᠷᠳᠠᠮ ᠯᠤᠭ᠎ᠠ ᠵᠡᠷᠭᠡ ᠪᠠᠷ | ᠭᠦᠢᠴᠡᠳᠭᠡᠬᠦ ᠬᠡᠷᠡᠭᠲᠡᠶ︔ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠣᠶ ᠰᠢᠭᠤᠶ ︵ᠨᠤᠲᠤᠭ ᠪᠡᠯᠴᠢᠭᠡᠷ︶ ᠶᠢ | ᠬᠡᠷᠡᠭᠯᠡᠬᠦ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠨᠨᠰᠠᠨ ᠡᠳᠦᠷ ᠠᠴᠠ ᠡᠬᠢᠯᠡᠨ 10 ᠠᠵᠢᠯᠯᠠᠬᠤ | ᠡᠳᠦᠷ ᠤᠨ ᠳᠣᠲᠣᠷ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠪᠤᠶᠤ ᠬᠢᠨᠠᠨ ᠪᠠᠶᠢᠴᠠᠭᠠᠭᠰᠠᠨ | ᠰᠠᠨᠠᠯ ᠭᠠᠷᠭᠠᠵᠤ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠪᠠᠨ ᠮᠡᠳᠡᠭᠦᠯᠬᠦ ᠬᠡᠷᠡᠭᠳᠡᠢ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠡᠯ᠎ᠡ ᠴᠠᠬᠢᠯᠭᠠᠨ ᠲᠣᠤᠷ ᠤᠨ ᠠᠵᠤ ᠠᠬᠤᠶᠢᠯᠠᠯ᠂ ᠴᠠᠬᠢᠯᠭᠠᠨ ᠭᠠᠷᠭᠠᠬᠤ ᠠᠵᠤ | ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠ᠂ ᠭᠠᠷᠳᠠᠮ ᠤᠷᠣᠯᠠᠨ ᠭᠦᠢᠴᠡᠳᠬᠡᠬᠦ ᠳᠦᠷᠢᠮ ᠢ ᠲᠡᠯᠬᠡᠷᠡᠭᠦᠯᠦᠨ ᠬᠡᠷᠡᠭᠵᠢᠭᠦᠯᠬᠦ ᠬᠡᠷᠡᠭᠳᠡᠢ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠨᠢ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠬᠦ ᠳᠤ ᠪᠠᠨ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠤᠨ ᠨᠢᠭᠡᠴᠢ ᠶᠢ ᠬᠠᠪᠰᠤᠷᠤᠨ | ᠬᠠᠮᠢᠶ᠎ᠠ ᠪᠦᠬᠦᠢ ᠡᠷᠬᠡᠲᠦ ᠬᠥᠮᠦᠨ ᠯᠦᠭᠡ ᠨᠥᠬᠦᠪᠥᠷᠢᠯᠡᠬᠦ ᠵᠦᠪᠯᠡᠯᠴᠡᠭᠡᠷ ᠲᠣᠭᠲᠠᠬᠤ᠂ ᠣᠯᠠᠨ ᠨᠡᠶᠢᠲᠡ ᠶᠢᠨ | ᠪᠠᠶᠢᠴᠠᠭᠠᠯᠲᠠ ᠶᠢᠨ ᠬᠦᠰᠦᠨᠦᠭᠲᠦ ᠳᠤ ᠭᠠᠷ ᠤᠨ ᠦᠰᠦᠭ ᠵᠢᠷᠤᠬᠤ ᠵᠡᠷᠭᠡ ᠠᠵᠢᠯ ᠳᠤ ᠬᠠᠷᠢᠭᠤᠴᠠᠬᠤ ᠬᠡᠷᠡᠭᠳᠡᠢ᠃ ︵ | ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠴᠠᠬᠢᠯᠭᠠᠨ ᠲᠣᠤᠷ ᠤᠨ ᠠᠵᠤ ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠᠨ ᠨᠢᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠲᠦᠭᠦᠷᠵᠢᠭᠰᠡᠨ ᠰᠠᠭᠤᠷᠢ ᠪᠣᠯᠬᠤ | ᠠᠵᠢᠯ ᠢ ᠰᠠᠶᠢᠲᠤᠷ ᠬᠢᠬᠦ ᠬᠡᠷᠡᠭᠲᠡᠶ | ᠰᠢᠨ᠎ᠡ ᠡᠨᠧᠷᠭᠢ ᠪᠠ ᠴᠠᠬᠢᠯᠭᠠᠨ ᠲᠣᠤᠷ ᠤᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠠᠲᠠᠪᠤᠷᠢᠯᠠᠨ ᠡᠵᠡᠯᠡᠬᠦ ᠭᠠᠵᠠᠷ᠂ ᠭᠡᠷ | ᠪᠠᠶᠢᠰᠢᠩ ᠨᠡᠭᠦᠯᠭᠡᠬᠦ᠂ ᠨᠡᠭᠦᠯᠭᠡᠨ ᠲᠥᠪᠬᠢᠨᠡᠭᠦᠯᠬᠦ᠂ ᠲᠠᠷᠢᠨᠨᠰᠠᠨ ᠲᠠᠷᠢᠮᠠᠯ ᠤᠨ ᠲᠥᠯᠥᠪᠥᠷᠢ ᠪᠠ ᠰᠠᠭᠠᠳ ᠲᠣᠳᠬᠠᠷ ᠢ | ᠠᠷᠢᠯᠭᠠᠨ ᠰᠢᠢᠳᠪᠦᠷᠢᠯᠡᠬᠦ ᠵᠢᠴᠢ ᠢᠨᠵᠧᠨᠧᠷᠢᠩ ᠯᠦᠭᠡ ᠬᠤᠯᠪᠣᠭᠳᠠᠬᠤ ᠵᠠᠮ ᠬᠠᠷᠢᠯᠴᠠᠭ᠎ᠠ ᠵᠠᠮ ᠱᠤᠭᠤᠮ᠂ ᠤᠰᠤ | ᠬᠠᠩᠭᠠᠬᠤ ᠤᠰᠤ ᠵᠠᠯᠠᠬᠤ ᠵᠡᠷᠭᠡ ᠲᠥᠬᠦᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ | ᠲᠥᠷᠥᠯ ᠵᠦᠢᠯ ᠤᠨ ᠮᠡᠷᠭᠡᠵᠢᠯ ᠤᠨ ᠪᠤᠰᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠳᠡᠢ︔ ᠵᠠᠪᠳᠤᠨ ᠵᠠᠶᠢᠯᠠᠵᠦ | ᠵᠠᠪᠳᠤᠨ ᠲᠠᠷᠢᠬᠤ᠂ ᠪᠠᠷᠢᠯᠭ᠎ᠠ ᠪᠠᠷᠢᠬᠤ ᠶᠢ ᠬᠠᠷᠰᠢᠯᠠᠬᠤ ᠵᠡᠷᠭᠡ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ | ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠠᠷᠪᠠᠨ ᠬᠤᠶᠠᠷ᠂ ᠲᠥᠷᠥᠯ ᠵᠦᠢᠯ ᠢ ᠠᠬᠢᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠬᠦᠯᠬᠦ ᠬᠡᠷᠡᠭᠳᠡᠢ | ᠡᠯ᠎ᠡ ᠠᠶᠢᠮᠠᠭ ᠬᠤᠲᠠ ᠨᠢ ᠰᠢᠨ᠎ᠡ ᠡᠨᠧᠷᠭᠢ᠂ ᠴᠠᠬᠢᠯᠭᠠᠨ ᠲᠣᠤᠷ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠲᠤᠰᠬᠠᠶ ᠤᠳᠤᠷᠢᠳᠬᠤ ᠪᠠᠭ | ᠪᠠᠶᠢᠭᠤᠯᠤᠨ᠂ ᠲᠥᠷᠥᠯ ᠵᠦᠢᠯ ᠢ ᠨᠡᠶᠢᠯᠡᠬᠦᠯᠵᠦ ᠬᠢᠨᠠᠨ ᠵᠥᠪᠰᠢᠶᠡᠷᠡᠬᠦ᠂ ᠳᠤᠲᠠᠭᠤ ᠶᠢ ᠭᠥᠯᠢᠶᠡᠨ ᠰᠢᠢᠳᠪᠦᠷᠢᠯᠡᠬᠦ᠂ | ᠳᠠᠭᠠᠭᠠᠴᠠ ᠰᠦᠯᠵᠢᠶ᠎ᠡ ᠶᠢ ᠬᠠᠮᠵᠢᠯᠴᠠᠭᠤᠯᠬᠤ ᠵᠡᠷᠭᠡ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠠᠷᠪᠠᠨ ᠭᠤᠷᠪᠠ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠬᠤ ᠬᠡᠷᠡᠭᠳᠡᠢ | ᠲᠥᠷᠥᠯ ᠵᠦᠢᠯ ᠢ ᠲᠦᠯᠦᠪᠵᠢᠬᠦᠯᠬᠡ ᠳᠤ ᠤᠷᠤᠭᠤᠯᠬᠤ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ᠂ | ᠲᠤᠤᠷ ᠲᠤ ᠨᠡᠶᠢᠯᠡᠭᠦᠯᠬᠦ᠂ ᠵᠠᠬ᠎ᠠ ᠳᠡᠯᠭᠡᠭᠦᠷ ᠢᠶᠠᠷ ᠠᠷᠠᠯᠵᠢᠶᠠᠯᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ | ᠪᠠᠶᠢᠭᠤᠯᠵᠦ ᠬᠠᠮᠢᠶᠠᠷᠤᠯᠲᠠ ᠬᠢᠬᠦ ᠲᠠᠯ᠎ᠠ ᠶᠢᠨ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠨᠡᠭᠡᠭᠡᠨ | ᠭᠦᠭᠵᠢᠬᠦᠯᠵᠦ ᠪᠥᠲᠥᠭᠡᠨ ᠪᠠᠶᠢᠭᠤᠯᠬᠤ ᠨᠥᠬᠦᠴᠡᠯ ᠪᠦᠷᠢᠳᠦᠬᠡᠳᠦᠢ ᠰᠢᠨ᠎ᠡ ᠡᠨᠧᠷᠭᠢ ᠶᠢᠨ ᠲᠥᠷᠥᠯ ᠵᠦᠢᠯ ᠢ ᠴᠠᠭ | ᠲᠤᠬᠠᠶ ᠳᠤ ᠨᠢ ᠬᠦᠴᠦᠨ ᠥᠬᠡᠶ ᠪᠣᠯᠭᠠᠵᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ | ᠪᠠ ᠴᠢᠨᠠᠷ ᠰᠠᠶᠢᠲᠠᠶ ᠭᠦᠭᠵᠢᠬᠦ ᠳᠤ ᠡᠬᠢ ᠪᠠᠶᠠᠯᠢᠭ ᠤᠨ ᠴᠢᠬᠤᠯᠡ ᠭᠦᠴᠦᠨ ᠵᠦᠢᠯ ᠤᠨ ᠲᠣᠬᠢᠷᠠᠭᠤᠯᠤᠯᠲᠠ ᠶᠢ ᠨᠠᠩ | ᠰᠠᠶᠢᠲᠤᠷ ᠰᠢᠯᠢᠳᠡᠭᠵᠢᠭᠦᠯᠵᠦ᠂ ᠨᠠᠩ ᠣᠯᠠᠨ ᠦᠨᠡᠨᠴᠢ ᠢᠳᠡᠬᠡᠮᠵᠢᠳᠡᠢ ᠂ ᠪᠣᠳᠠᠲᠤ ᠬᠦᠴᠦᠨ ᠲᠠᠢ ᠠᠵᠤ | ᠠᠬᠤᠶᠢᠯᠠᠯ ᠳᠤ ᠵᠠᠬ᠎ᠠ ᠳᠡᠯᠭᠡᠭᠦᠷ ᠤᠨ ᠣᠷᠣᠨ ᠵᠠᠶ ᠬᠠᠩᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠪᠠ ᠰᠢᠨ᠎ᠡ | ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠠᠮᠵᠢᠯᠴᠠᠨ ᠬᠥᠭᠵᠢᠬᠦ ᠳᠤ ᠵᠠᠰᠠᠭ ᠤᠨ ᠶᠠᠪᠤᠳᠠᠯ | ᠪᠠ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠵᠤ ᠥᠭᠭᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠴᠠᠬᠢᠯᠭᠠᠨ | ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | | | | | | | |