ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠤᠷᠢᠨᠭᠡᠷ | ᠲᠣᠮᠢᠯᠠᠭᠰᠠᠨ ᠰᠠᠯᠪᠤᠷᠢ ᠣᠯᠠᠨ ᠲᠦᠮᠡᠨ ᠤ ᠲᠤᠰᠠᠯᠠᠮᠵᠢ ᠭᠤᠶᠤᠴᠢᠯᠠᠬᠤ ᠤᠲᠠᠰᠤ ᠶᠢ ᠲᠣᠰᠣᠭᠠᠳ᠂ ᠬᠠᠷᠢᠶ᠎ᠠ | ᠲᠣᠭᠤᠷᠢᠭ ᠤᠨ ᠳᠦᠭᠦᠮ ᠨᠠᠭᠤᠷ ᠲᠣᠰᠭᠤᠨ ᠤ ᠬᠥᠭᠦᠷᠭᠡ ᠶᠢᠨ ᠭᠤᠯᠲᠤᠩ ᠳᠤ ᠲᠡᠷᠭᠡ ᠬᠠᠰᠢᠭᠳᠠᠭᠠᠳ ᠶᠠᠪᠤᠵᠤ | ᠳᠡᠶᠢᠯᠬᠦ ᠦᠭᠡᠢ ᠪᠣᠯᠤᠭᠰᠠᠨ ᠢ ᠣᠯᠵᠤ ᠮᠡᠳᠡᠪᠡ᠃ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠠᠪᠤᠷᠠᠨ | ᠲᠤᠰᠠᠯᠠᠬᠤ ᠲᠥᠬᠦᠭᠡᠷᠦᠮᠵᠢ ᠪᠠᠨ ᠠᠪᠴᠤ ᠲᠤᠬᠠᠢ ᠶᠢᠨ ᠲᠠᠯᠠᠪᠤᠷ ᠲᠤ ᠦᠳᠲᠦᠷ ᠬᠦᠷᠴᠦ ᠠᠪᠤᠷᠠᠨ ᠲᠤᠰᠠᠯᠠᠪᠠ᠃ | ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠤᠨ | ᠪᠠᠶᠢᠳᠠᠯ ᠢ ᠲᠡᠷᠡ ᠳᠠᠷᠤᠢ ᠳᠤᠨᠢ ᠬᠠᠶᠢᠨ ᠪᠠᠶᠢᠴᠠᠭᠠᠵᠤ᠂ ᠨᠢᠭᠡᠨ ᠵᠢᠵᠢᠭ ᠰᠠᠭᠤᠳᠠᠯ ᠤᠨ ᠮᠠᠰᠢᠨ ᠤᠰᠤᠨ ᠳᠣᠲᠣᠷ᠎ᠠ | ᠬᠠᠰᠢᠭᠳᠠᠵᠤ᠂ ᠲᠡᠷᠭᠡᠨ ᠳᠣᠲᠣᠷ᠎ᠠ ᠬᠥᠮᠦᠨ ᠪᠠᠶᠢᠬᠤ ᠦᠭᠡᠢ᠂ ᠲᠦᠭᠰᠢᠭᠦᠷᠢ ᠶᠢ ᠮᠡᠳᠡᠭᠦᠯᠦᠭᠰᠡᠨ ᠬᠥᠮᠦᠨ ᠤ ᠠᠮᠢ | ᠨᠠᠰᠤᠨ ᠤ ᠣᠨᠴᠠᠯᠢᠭ ᠴᠥᠮ ᠬᠡᠪ ᠤᠨ ᠪᠠᠶᠢᠳᠠᠯ ᠲᠠᠢ ᠪᠠᠶᠢᠬᠤ ᠶᠢ ᠣᠯᠵᠤ ᠮᠡᠳᠡᠵᠡᠢ᠃ ᠤᠰᠤᠨ ᠭᠠᠳᠠᠷᠭᠤ ᠨᠡᠯᠢᠶᠡᠳ | ᠶᠡᠭᠡ ᠠᠴᠠ ᠪᠣᠯᠵᠤ᠂ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ 119 ᠠᠪᠤᠷᠠᠨ ᠲᠤᠰᠠᠯᠠᠯᠲᠠ ᠲᠠᠢ | ᠬᠠᠷᠢᠯᠴᠠᠬᠤ ᠶᠢᠨ ᠬᠠᠮᠲᠤ ᠲᠤᠰ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ | ᠪᠣᠰᠤᠳ ᠲᠡᠷᠭᠡ ᠬᠥᠰᠬᠡ ᠠᠶᠤᠯ ᠲᠠᠢ ᠵᠠᠮ ᠤᠨ ᠬᠡᠰᠡᠭ ᠲᠤ ᠣᠷᠣᠵᠤ ᠳᠠᠬᠢᠨᠲᠠ ᠤᠰᠤ ᠠᠪᠴᠤ ᠬᠠᠰᠢᠭᠳᠠᠬᠤ ᠠᠴᠠ | ᠵᠠᠶᠢᠯᠠᠰᠬᠢᠪᠡ᠃ ᠨᠢᠭᠡ ᠴᠠᠭ ᠤᠨ ᠳᠠᠷᠠᠭ᠎ᠠ ᠠᠪᠤᠷᠠᠨ ᠲᠤᠰᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ | ᠪᠣᠯᠤᠨ 119 ᠠᠪᠤᠷᠠᠨ ᠲᠤᠰᠠᠯᠠᠬᠤ ᠬᠥᠮᠦᠰ ᠬᠠᠮᠲᠤᠷᠠᠨ ᠬᠠᠰᠢᠭᠳᠠᠭᠰᠠᠨ ᠲᠡᠷᠭᠡ ᠶᠢ ᠠᠪᠤᠷᠠᠨ ᠭᠠᠷᠭᠠᠵᠠᠢ᠃ | ᠳᠠᠷᠠᠭ᠎ᠠ ᠨᠢ᠂ ᠠᠷᠠᠳ ᠤᠨ ᠴᠠᠭᠳᠠᠭ᠎ᠠ ᠲᠡᠷᠭᠡᠨ ᠤ ᠡᠵᠡᠨ ᠪᠦᠬᠦᠢ 5 ᠬᠥᠮᠦᠨ ᠢ ᠠᠮᠤᠷ ᠲᠦᠪᠰᠢᠨ ᠢᠶᠠᠷ ᠭᠡᠷ ᠲᠤᠨᠢ | ᠬᠦᠷᠭᠡᠵᠦ᠂ ᠲᠡᠷᠭᠡᠨ ᠤ ᠡᠵᠡᠨ ᠠᠷᠠᠳ ᠤᠨ ᠴᠠᠭᠳᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | |