ᠬᠤᠶᠠᠷᠬᠤᠳᠳᠤᠭ ᠪᠠᠯᠭᠠᠰᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/2
    ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠶᠠᠷᠬᠤᠳᠳᠤᠭ ᠪᠠᠯᠭᠠᠰᠤ ᠶᠢᠨ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃
C:\Users\Administrator\Desktop\新闻照片\2.jpg
    ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠬᠤᠯᠤᠭᠠᠨ᠎ᠠ ᠶᠢᠨ ᠬᠠᠪᠲᠠᠰᠤ᠂ ᠬᠥᠯ ᠤᠨ ᠳᠡᠪᠢᠰᠬᠡᠷ᠂ ᠤᠬᠠᠭᠤᠯᠭ᠎ᠠ ᠶᠢᠨ ᠳᠡᠪᠲᠡᠷ᠂ ᠴᠠᠭᠠᠰᠤ ᠵᠡᠷᠭᠡ ᠪᠣᠳᠠᠰ ᠢ ᠲᠠᠷᠬᠠᠭᠠᠬᠤ ᠪᠠᠷ ᠳᠠᠮᠵᠢᠭᠤᠯᠤᠨ᠂ ᠭᠠᠴᠠᠭᠠᠨ ᠤ ᠠᠷᠠᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠭᠦᠯᠵᠦ᠂ ᠭᠠᠴᠠᠭᠠᠨ ᠤ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠴᠠᠭᠠᠨ ᠤ ᠠᠷᠠᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠭᠠᠴᠠᠭᠠᠨ ᠤ ᠠᠷᠠᠳ ᠤᠨ ᠭᠡᠷ ᠲᠤ ᠬᠤᠯᠤᠭᠠᠨ᠎ᠠ ᠶᠢᠨ ᠬᠥᠨᠥᠭᠡᠯ ᠡᠭᠦᠰᠬᠦ ᠶᠢ ᠵᠣᠬᠢᠬᠤ ᠬᠡᠮᠵᠢᠶ᠎ᠡ ᠪᠠᠷ ᠪᠠᠭᠠᠰᠬᠠᠬᠤ ᠶᠢ ᠦᠨᠡᠨ ᠬᠦ ᠪᠠᠲᠤᠯᠠᠵᠤ᠂ ᠭᠠᠴᠠᠭᠠᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠠᠲᠤᠯᠠᠪᠠ᠃ ᠠᠵᠢᠯᠲᠠᠳ ᠬᠤᠯᠤᠭᠠᠨ᠎ᠠ ᠶᠢᠨ ᠬᠢᠵᠢᠭ ᠤᠨ ᠬᠤᠣᠷ ᠬᠥᠨᠥᠭᠡᠯ᠂ ᠬᠠᠯᠳᠠᠪᠤᠷᠢᠯᠠᠬᠤ ᠠᠷᠭ᠎ᠠ ᠵᠠᠮ᠂ ᠤᠷᠢᠳᠴᠢᠯᠠᠨ ᠰᠡᠷᠭᠡᠶᠢᠯᠡᠬᠦ ᠠᠷᠭ᠎ᠠ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠬᠤ ᠪᠠᠷ ᠳᠠᠮᠵᠢᠭᠤᠯᠤᠨ᠂ ᠭᠠᠴᠠᠭᠠᠨ ᠤ ᠠᠷᠠᠳ ᠲᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠬᠤ ᠶᠢ ᠰᠠᠨᠠᠭᠤᠯᠵᠤ᠂ ︽ᠭᠤᠷᠪᠠ ᠶᠢ ᠬᠢᠬᠦ ᠦᠭᠡᠢ ᠭᠤᠷᠪᠠ ᠶᠢ ᠬᠢᠬᠦ ᠭᠤᠷᠪᠠ ᠶᠢ ᠬᠠᠮᠠᠭᠠᠯᠠᠬᠤ︾᠎ ᠶᠢ ᠦᠨᠡᠨ ᠬᠦ ᠪᠡᠶᠡᠯᠡᠭᠦᠯᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠪᠠᠯᠭᠠᠰᠤ ᠶᠢᠨ ᠬᠢᠨ ᠨᠠᠩ ᠡᠷᠡᠰ ᠪᠠᠲᠤ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠳᠤ ᠠᠮᠤᠷ ᠲᠦᠪᠰᠢᠨ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠡᠭᠦᠨ ᠤ ᠬᠠᠮᠲᠤ ᠪᠠᠰᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠰᠢᠨ᠎ᠡ ᠪᠠᠶᠢᠳᠠᠯ ᠢ ᠦᠷᠭᠦᠯᠵᠢᠯᠡᠨ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠶᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠴᠢᠬᠤᠯᠠ ᠴᠢᠨᠠᠷ  ᠢ ᠲᠣᠳᠣᠷᠬᠠᠶᠢᠯᠠᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠬᠤᠯᠤᠭᠠᠨ᠎ᠠ ᠬᠢᠵᠢᠭ  ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠪᠦᠬᠦ ᠠᠷᠠᠳ ᠢᠶᠠᠷ ᠢᠶᠠᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠳᠤ ᠣᠷᠣᠯᠴᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠦᠨᠡᠨᠬᠦ ᠪᠠᠲᠤᠯᠠᠬᠤ ᠬᠡᠷᠡᠭᠲᠡᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号