ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ  ᠴᠠᠭ ᠢ ᠤᠷᠲᠤᠳᠬᠠᠬᠤ ᠦᠢᠯᠡᠴᠢᠯᠡᠭᠡ ᠨᠡᠩ ᠬᠦᠮᠦᠨ ᠤ ᠰᠡᠳᠬᠢᠯ ᠢ ᠠᠭᠤᠵᠢᠭᠤ ᠲᠠᠯᠪᠢᠭᠤ ᠪᠣᠯᠭᠠᠨ᠎ᠠ
ᠨᠡᠶᠢᠲᠡᠯᠡᠭᠰᠡᠨ ᠴᠠᠭ᠄
2024/2/2
    ︽ᠲᠠ ᠨᠠᠷ ᠲᠤ ᠶᠡᠬᠡᠳᠡ ᠲᠠᠯᠠᠷᠬᠠᠵᠤ ᠪᠠᠶᠢᠨ᠎ᠠ᠂ ᠵᠢᠦ ᠶᠤᠸᠠᠨ ᠤ ᠥᠯᠥ ᠬᠥᠳᠡᠯᠬᠦ ᠬᠥᠷᠥᠩᠭᠡ ᠶᠢᠨ ᠠᠵᠢᠯᠲᠠᠳ ᠤᠨ ᠦᠢᠯᠡᠴᠢᠯᠡᠬᠦ ᠣᠪᠣᠷ ᠦᠨᠡᠬᠡᠷ ᠰᠠᠶᠢᠨ ᠪᠠᠶᠢᠨ᠎ᠠ︾ ᠯᠢᠦ ᠠᠪᠤᠭᠠᠶ ᠰᠠᠶ᠋ᠢᠬᠠᠨ ᠬᠢᠭᠰᠡᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢᠶᠠᠨ ᠠᠪᠴᠤ᠂ ᠴᠣᠩᠬᠤᠨ ᠤ ᠠᠵᠢᠯᠲᠠᠳ ᠲᠤ ᠶᠡᠬᠡᠳᠡ ᠲᠠᠯᠠᠷᠬᠠᠵᠤ ᠪᠠᠶᠢᠬᠤ ᠪᠠᠨ ᠢᠯᠡᠳᠬᠡᠵᠡᠶ᠃    1 ᠰᠠᠷ᠎ᠠ ᠶᠢᠨ 26᠎ ᠤ ᠡᠳᠦᠷ ᠤᠨ ᠦᠳᠡ ᠶᠢᠨ 11 ᠴᠠᠭ 50 ᠮᠢᠨᠦ᠋ᠲ ᠲᠤ ᠯᠢᠦ ᠠᠪᠤᠭᠠᠶ ᠵᠢᠦ ᠶᠤᠸᠠᠨ ᠤ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠳᠤ ᠢᠷᠡᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠪᠡ᠃ ᠠᠵᠢᠯᠲᠠᠳ ᠯᠠᠪᠯᠠᠨ ᠠᠰᠠᠭᠤᠭᠰᠠᠨ ᠤ ᠳᠠᠷᠠᠭ᠎ᠠ ᠯᠢᠦ ᠠᠪᠤᠭᠠᠶ ᠶᠢᠨ ᠭᠡᠷ ᠨᠢ ᠭᠠᠳᠠᠨ᠎ᠠ ᠣᠷᠣᠨ ᠳᠤ ᠰᠠᠭᠤᠵᠤ ᠪᠠᠶᠢᠭ᠎ᠠ ᠪᠥᠭᠡᠳ ᠴᠡᠷᠢᠭ ᠠᠴᠠ ᠬᠠᠯᠠᠭᠳᠠᠭᠰᠠᠳ ᠪᠣᠯᠬᠤ ᠶᠢ ᠣᠯᠵᠤ ᠮᠡᠳᠡᠭᠡᠳ ᠲᠡᠷᠡ ᠳᠠᠷᠤᠶ ᠳᠤᠨᠢ ᠰᠠᠭᠠᠳ ᠦᠭᠡᠶ ᠨᠡᠪᠲᠡᠷᠡᠬᠦ ᠵᠠᠮ ᠤᠨ ᠴᠣᠩᠬᠤ ᠶᠢ ᠲᠣᠬᠢᠷᠠᠭᠤᠯᠤᠭᠰᠠᠨ ᠪᠥᠭᠡᠳ ᠴᠠᠭ ᠨᠡᠮᠡᠵᠦ ᠠᠵᠢᠯᠯᠠᠭᠤᠯᠤᠭᠠᠳ ᠯᠢᠦ ᠠᠪᠤᠭᠠᠶ ᠳᠤ ᠲᠤᠬᠠᠶᠢᠯᠠᠭᠰᠠᠨ ᠠᠵᠢᠯ ᠢ ᠨᠢ ᠭᠦᠢᠴᠡᠳᠬᠡᠵᠦ ᠥᠭᠴᠡᠶ᠃
C:\Users\Administrator\Desktop\新闻照片\1.png
    ︽ᠴᠠᠭ ᠲᠠᠭᠠᠨ ᠠᠵᠢᠯ ᠠᠴᠠ ᠪᠠᠨ ᠪᠠᠭᠤᠬᠤ︾᠎ ᠠᠴᠠ ︽ᠴᠠᠭ ᠢ ᠤᠷᠲᠤᠳᠬᠠᠵᠤ ᠦᠢᠯᠡᠴᠢᠯᠡᠬᠦ︾ ᠬᠦᠷᠲᠡᠯ᠎ᠡ᠂ ᠦᠢᠯᠡᠴᠢᠯᠡᠭᠡᠨ ᠤ ᠴᠣᠩᠬᠤᠪᠴᠢ ᠨᠢᠭᠡᠴᠡ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠰᠠᠨᠠᠭᠠᠰᠢᠷᠠᠯ ᠢ ᠰᠢᠢᠳᠪᠤᠷᠢᠯᠡᠬᠦ ᠪᠣᠯ ᠨᠢᠭᠡ ᠵᠦᠢᠯ ᠤᠨ ᠬᠠᠷᠢᠭᠤᠴᠠᠯᠭ᠎ᠠ ᠮᠥᠨ᠂ ᠭᠡᠬᠦ ᠳᠡᠭᠡᠨ ︽ᠴᠠᠭ ᠢ ᠤᠷᠲᠤᠳᠬᠠᠵᠤ ᠦᠢᠯᠡᠴᠢᠯᠡᠬᠦ ︾ ᠪᠣᠯ ᠣᠯᠠᠨ ᠲᠦᠮᠡᠨ ᠤ ᠬᠡᠷᠡᠭᠴᠡᠭᠡ ᠳᠤ ᠶᠠᠭᠠᠷᠠᠵᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠢ ︽ᠲᠠᠯᠠᠭᠠᠷ ᠭᠦᠶᠦᠯᠭᠡᠬᠦ ᠥᠬᠡᠶ︾ ︽ᠳᠤᠲᠠᠭᠤ ᠭᠦᠶᠦᠯᠭᠡᠬᠦ ᠥᠬᠡᠶ︾ ᠪᠣᠯᠭᠠᠬᠤ ᠪᠠᠷ ᠴᠢᠷᠮᠠᠶᠢᠬᠤ ᠪᠣᠳᠠᠲᠠᠶ ᠠᠷᠭ᠎ᠠ ᠬᠡᠮᠵᠢᠶ᠎ᠡ ᠮᠥᠨ᠃    ᠲᠠᠷᠠᠭᠠᠴᠢ ᠶᠢᠨ ᠠᠯᠬᠤᠮ ᠳᠤ᠂ ᠵᠢᠦ ᠶᠤᠸᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠶᠡᠭᠡ ᠲᠢᠩᠬᠢᠮ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠥᠷᠭᠡᠳᠬᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠨᠠᠩ ᠳᠤᠯᠠᠭᠠᠨ᠂ ᠳᠥᠭᠦᠮ ᠳᠥᠲᠡ᠂ ᠬᠠᠯᠠᠭᠤᠨ ᠳᠤᠯᠠᠭᠠᠨ ᠦᠢᠯᠡᠴᠢᠯᠡᠭᠡ ᠶᠢ ᠡᠳ᠋ᠯᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号