︽ᠪᠣᠯᠪᠠᠰᠤᠨ ᠦᠢᠯᠡᠳᠦᠯᠭᠡ︾ ᠬᠤᠭ ᠨᠣᠪᠰᠢ ᠶᠢ ᠲᠦᠷᠦᠯ ᠬᠤᠪᠢᠶᠠᠨ ᠪᠣᠬᠢᠷᠲᠤᠯ ᠦᠭᠡᠢ ᠠᠮᠠᠷᠠᠯᠲᠠ ᠶᠢᠨ ᠬᠤᠭᠤᠴᠠᠭ᠎ᠠ ᠶᠢ ᠬᠠᠮᠲᠤᠪᠠᠷ ᠡᠳ᠋ᠯᠡᠶ᠎ᠡ
ᠨᠡᠶᠢᠲᠡᠯᠡᠭᠰᠡᠨ ᠴᠠᠭ᠄
2024/2/2
C:\Users\Administrator\Desktop\新闻照片\3.jpg
    ᠵᠠᠯᠠᠭᠤᠴᠤᠳ ᠪᠠᠭᠠᠴᠤᠳ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠨᠡᠮᠡᠭᠳᠡᠭᠦᠯᠦᠨ᠂ ︽ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠠᠬᠤᠶ ᠶᠢ ᠬᠠᠮᠠᠭᠠᠯᠠᠬᠤ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 1 ᠰᠠᠷ᠎ᠠ ᠶᠢᠨ 31᠎ ᠤ ᠡᠳᠦᠷ᠂ ᠯᠦᠩ ᠢᠦᠶ ᠭᠡᠷ ᠬᠤᠷᠢᠶᠠᠯᠠᠯ ᠵᠢᠤ ᠶᠤᠸᠠᠨ ᠲᠣᠭᠤᠷᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ ︽ᠬᠤᠭ ᠨᠣᠪᠰᠢ ᠶᠢ ᠲᠥᠷᠥᠯ ᠬᠤᠪᠢᠶᠠᠬᠤ ᠶᠢ ᠪᠢ ᠮᠡᠳᠡᠨ᠎ᠡ᠂ ᠪᠣᠬᠢᠷᠲᠤᠯ ᠥᠬᠡᠶ ᠪᠠᠷ ᠭᠠᠳᠠᠭᠰᠢ ᠭᠠᠷᠬᠤ ᠳᠤ ᠪᠢ ᠤᠷᠢᠳᠠᠪᠠᠷ︾  ᠭᠡᠬᠦ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\4.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠬᠠᠷᠢᠶ᠎ᠠ ᠣᠷᠣᠨ ᠤ ᠪᠠᠨ ᠰᠤᠷᠤᠭᠴᠢᠳ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠤᠨ ᠬᠤᠭ ᠨᠣᠪᠰᠢ ᠶᠢ ᠵᠥᠪ ᠬᠠᠶᠠᠬᠤ ᠶᠢ ᠵᠢᠭᠠᠨ ᠵᠢᠯᠣᠭᠤᠳᠬᠤ ᠶᠢᠨ ᠬᠠᠮᠲᠤ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠠᠴᠢ ᠬᠤᠯᠪᠣᠭᠳᠠᠯ᠂ ᠪᠠᠶᠢᠩᠭᠤ ᠲᠣᠬᠢᠶᠠᠯᠳᠤᠬᠤ ᠬᠤᠭ ᠨᠣᠪᠰᠢ ᠶᠢ ᠬᠡᠷᠬᠢᠨ ᠲᠥᠷᠥᠯ ᠬᠤᠪᠢᠶᠠᠬᠤ᠂ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ ᠪᠠ ᠪᠣᠳᠠᠲᠠᠶ ᠠᠵᠢᠯᠯᠠᠬᠤ ᠠᠯᠬᠤᠮ ᠳᠠᠷᠠᠭ᠎ᠠ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠤᠷᠤᠭᠴᠢᠳ ᠲᠤ ᠬᠤᠭ ᠨᠣᠪᠰᠢ ᠶᠢ ᠲᠥᠷᠥᠯ ᠬᠤᠪᠢᠶᠠᠬᠤ ᠲᠠᠯ᠎ᠠ ᠪᠠᠷ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ ᠰᠤᠷᠤᠭᠴᠢᠳ ᠤᠨ ᠬᠤᠭ ᠨᠣᠪᠰᠢ ᠬᠠᠶᠠᠬᠤ ᠤᠬᠠᠮᠰᠠᠷ ᠢ ᠵᠢᠷᠤᠮᠵᠢᠭᠤᠯᠤᠨ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠮᠠᠭᠤ ᠦᠢᠯᠡ ᠠᠵᠢᠯᠯᠠᠭ᠎ᠠ ᠶᠢ ᠵᠠᠯᠠᠷᠠᠭᠤᠯᠪᠠ᠃ ᠡᠭᠦᠨ ᠤ ᠵᠡᠷᠭᠡ ᠳᠤ ᠰᠤᠷᠤᠭᠴᠢᠳ ᠪᠠᠰᠠ ᠭᠡᠷ ᠬᠤᠷᠢᠶᠠᠯᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠳᠤ ᠢᠳᠡᠪᠬᠢᠲᠡᠶ ᠣᠷᠣᠯᠴᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠡᠳᠦᠷ ᠲᠤᠲᠤᠮ ᠤᠨ ᠠᠮᠢᠳᠤᠷᠠᠯ ᠠᠴᠠ ᠭᠠᠷᠳᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ ᠪᠠᠷ ᠰᠢᠢᠳᠪᠤᠷᠢᠯᠡᠬᠦ ᠶᠢ ᠬᠥᠲᠥᠯᠥᠨ ᠵᠢᠯᠤᠭᠤᠳᠤᠨ᠎ᠠ᠃
C:\Users\Administrator\Desktop\新闻照片\5.jpg
    ᠵᠠᠯᠠᠭᠤᠴᠤᠳ ᠪᠠᠭᠠᠴᠤᠳ ᠤᠨ ᠳᠤᠮᠳᠠ ᠬᠤᠭ ᠨᠣᠪᠰᠢ ᠶᠢ ᠲᠦᠷᠦᠯ ᠬᠤᠪᠢᠶᠠᠬᠤ ᠣᠷᠴᠢᠨ ᠲᠣᠭᠤᠷᠢᠨ ᠢ ᠬᠠᠮᠠᠭᠠᠯᠠᠬᠤ ᠤᠢᠢᠯᠠᠭᠠᠭᠳᠠᠬᠤᠨ ᠢ ᠲᠦᠭᠡᠮᠡᠯᠵᠢᠭᠦᠯᠬᠦ ᠪᠠᠷ ᠳᠠᠮᠵᠢᠭᠤᠯᠵᠤ᠂ ᠵᠠᠯᠠᠭᠤᠴᠤᠳ ᠪᠠᠭᠠᠴᠤᠳ ᠤᠨ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ︽ᠲᠦᠷᠦᠯ ᠬᠤᠪᠢᠶᠠᠬᠤ ᠶᠢ ᠮᠡᠳᠡᠬᠦ︾᠎ ᠠᠴᠠ ︽ᠲᠦᠷᠦᠯ ᠬᠤᠪᠢᠶᠠᠵᠤ ᠳᠡᠶᠢᠯᠬᠦ︾᠎ ᠠᠴᠠ ︽ᠳᠠᠳᠬᠠᠯ ᠢᠶᠠᠷ ᠲᠦᠷᠦᠯ ᠬᠤᠪᠢᠶᠠᠬᠤ︾ ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠰᠠᠶᠢᠨ ᠳᠠᠳᠬᠠᠯ ᠢ ᠪᠤᠢ ᠪᠣᠯᠭᠠᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠳᠤ ᠬᠦᠴᠦᠨ ᠴᠢᠳᠠᠯ ᠢᠶᠠᠨ ᠡᠷᠭᠦᠵᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号