ᠬᠤᠶᠠᠷᠬᠤᠳᠳᠤᠭ ᠪᠠᠯᠭᠠᠰᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/2
    ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠶᠠᠷᠬᠤᠳᠳᠤᠭ ᠪᠠᠯᠭᠠᠰᠤ ᠶᠢᠨ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃
C:\Users\Administrator\Desktop\新闻照片\2.jpg
    ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠬᠤᠯᠤᠭᠠᠨ᠎ᠠ ᠶᠢᠨ ᠬᠠᠪᠲᠠᠰᠤ᠂ ᠬᠥᠯ ᠤᠨ ᠳᠡᠪᠢᠰᠬᠡᠷ᠂ ᠤᠬᠠᠭᠤᠯᠭ᠎ᠠ ᠶᠢᠨ ᠳᠡᠪᠲᠡᠷ᠂ ᠴᠠᠭᠠᠰᠤ ᠵᠡᠷᠭᠡ ᠪᠣᠳᠠᠰ ᠢ ᠲᠠᠷᠬᠠᠭᠠᠬᠤ ᠪᠠᠷ ᠳᠠᠮᠵᠢᠭᠤᠯᠤᠨ᠂ ᠭᠠᠴᠠᠭᠠᠨ ᠤ ᠠᠷᠠᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠭᠦᠯᠵᠦ᠂ ᠭᠠᠴᠠᠭᠠᠨ ᠤ ᠠᠷᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠴᠠᠭᠠᠨ ᠤ ᠠᠷᠠᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠭᠠᠴᠠᠭᠠᠨ ᠤ ᠠᠷᠠᠳ ᠤᠨ ᠭᠡᠷ ᠲᠤ ᠬᠤᠯᠤᠭᠠᠨ᠎ᠠ ᠶᠢᠨ ᠬᠥᠨᠥᠭᠡᠯ ᠡᠭᠦᠰᠬᠦ ᠶᠢ ᠵᠣᠬᠢᠬᠤ ᠬᠡᠮᠵᠢᠶ᠎ᠡ ᠪᠠᠷ ᠪᠠᠭᠠᠰᠬᠠᠬᠤ ᠶᠢ ᠦᠨᠡᠨ ᠬᠦ ᠪᠠᠲᠤᠯᠠᠵᠤ᠂ ᠭᠠᠴᠠᠭᠠᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠠᠲᠤᠯᠠᠪᠠ᠃ ᠠᠵᠢᠯᠲᠠᠳ ᠬᠤᠯᠤᠭᠠᠨ᠎ᠠ ᠶᠢᠨ ᠬᠢᠵᠢᠭ ᠤᠨ ᠬᠤᠣᠷ ᠬᠥᠨᠥᠭᠡᠯ᠂ ᠬᠠᠯᠳᠠᠪᠤᠷᠢᠯᠠᠬᠤ ᠠᠷᠭ᠎ᠠ ᠵᠠᠮ᠂ ᠤᠷᠢᠳᠴᠢᠯᠠᠨ ᠰᠡᠷᠭᠡᠶᠢᠯᠡᠬᠦ ᠠᠷᠭ᠎ᠠ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠬᠤ ᠪᠠᠷ ᠳᠠᠮᠵᠢᠭᠤᠯᠤᠨ᠂ ᠭᠠᠴᠠᠭᠠᠨ ᠤ ᠠᠷᠠᠳ ᠲᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠬᠤ ᠶᠢ ᠰᠠᠨᠠᠭᠤᠯᠵᠤ᠂ ︽ᠭᠤᠷᠪᠠ ᠶᠢ ᠬᠢᠬᠦ ᠦᠭᠡᠢ ᠭᠤᠷᠪᠠ ᠶᠢ ᠬᠢᠬᠦ ᠭᠤᠷᠪᠠ ᠶᠢ ᠬᠠᠮᠠᠭᠠᠯᠠᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠪᠠᠯᠭᠠᠰᠤ ᠶᠢᠨ ᠬᠢᠨ ᠨᠠᠩ ᠡᠷᠡᠰ ᠪᠠᠲᠤ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠳᠤ ᠠᠮᠤᠷ ᠲᠦᠪᠰᠢᠨ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠡᠭᠦᠨ ᠤ ᠬᠠᠮᠲᠤ ᠪᠠᠰᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠰᠢᠨ᠎ᠡ ᠪᠠᠶᠢᠳᠠᠯ ᠢ ᠦᠷᠭᠦᠯᠵᠢᠯᠡᠨ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠶᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠴᠢᠬᠤᠯᠠ ᠴᠢᠨᠠᠷ  ᠢ ᠲᠣᠳᠣᠷᠬᠠᠶᠢᠯᠠᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠬᠤᠯᠤᠭᠠᠨ᠎ᠠ ᠬᠢᠵᠢᠭ  ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠪᠦᠬᠦ ᠠᠷᠠᠳ ᠢᠶᠠᠷ ᠢᠶᠠᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠳᠤ ᠣᠷᠣᠯᠴᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠦᠨᠡᠨᠬᠦ ᠪᠠᠲᠤᠯᠠᠬᠤ ᠬᠡᠷᠡᠭᠲᠡᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号