ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠷ᠎ᠠ ᠨᠤᠷ᠎ᠠ ᠶᠢᠨ ᠲᠣᠭᠤᠷᠢᠨ ᠴᠠᠭᠳᠠᠬᠤ ᠳᠤᠭᠤᠶᠢᠯᠠᠩ ᠤᠨ ᠲᠣᠭᠤᠷᠢᠨ ᠴᠠᠭᠳᠠᠬᠤ ᠶᠠᠪᠤᠴᠠ ᠳᠤ ᠬᠠᠯᠠᠭᠤᠨ ᠰᠡᠳᠬᠢᠯ ᠢᠶᠠᠷ ᠠᠯᠳᠠᠭᠰᠠᠨ ᠬᠡᠤᠬᠡᠳ ᠢ ᠬᠠᠪᠰᠤᠷᠤᠨ ᠡᠷᠢᠪᠡ
ᠨᠡᠶᠢᠲᠡᠯᠡᠭᠰᠡᠨ ᠴᠠᠭ᠄
2024/2/20
    2024 ᠣᠨ ᠤ 2 ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠷ᠎ᠠ ᠨᠤᠷ᠎ᠠ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠷᠠᠳ ᠤᠨ ᠲᠤᠰᠠᠯᠠᠬᠤ ᠴᠠᠭᠳᠠᠭ᠎ᠠ ᠵᠠᠩ ᠵᠧᠨ᠂ ᠰᠢᠤᠢ ᠴᠤᠤ ᠴᠠᠭᠳᠠᠨ ᠪᠠᠶᠢᠴᠠᠭᠠᠬᠤ ᠶᠠᠪᠤᠴᠠ ᠳᠤ 13 ᠨᠠᠰᠤᠲᠠᠶ ᠨᠢᠭᠡ ᠥᠬᠢᠨ ᠯᠢᠦ ᠣᠪᠣᠭᠲᠤ ᠭᠠᠭᠴᠠᠭᠠᠷ ᠢᠶᠠᠨ ᠬᠤᠸᠠᠩ ᠶᠢᠨ ᠪᠠᠭ᠎ᠠ ᠲᠣᠭᠤᠷᠢᠭ ᠤᠨ ᠬᠠᠭᠤᠴᠢᠨ ᠨᠠᠶᠢᠵᠠ ᠵᠣᠴᠢᠳ ᠤᠨ ᠪᠠᠭᠤᠳᠠᠯ ᠳᠤ ᠡᠷᠭᠢᠴᠡᠵᠦ ᠪᠠᠶᠢᠬᠤ ᠶᠢ ᠣᠯᠵᠤ ᠮᠡᠳᠡᠵᠡᠶ᠃ ᠴᠠᠭᠳᠠᠨ ᠲᠣᠭᠤᠷᠢᠬᠤ ᠠᠷᠠᠳ ᠤᠨ ᠲᠤᠰᠠᠯᠠᠬᠤ ᠴᠠᠭᠳᠠᠭ᠎ᠠ ᠲᠡᠷᠡ ᠳᠠᠷᠤᠶ ᠳᠤᠨᠢ ᠲᠡᠭᠦᠨ ᠤ ᠲᠥᠭᠡᠷᠢᠭᠰᠡᠨ ᠪᠠᠶᠢᠳᠠᠯ ᠢ ᠯᠠᠪᠯᠠᠨ ᠠᠰᠠᠭᠤᠵᠠᠶ᠃    ᠯᠠᠪᠯᠠᠨ ᠠᠰᠠᠭᠤᠬᠤ ᠪᠠᠷ ᠳᠡᠮᠵᠢᠨ᠂ ᠪᠢᠴᠢᠬᠠᠨ ᠥᠬᠢᠨ ᠭᠠᠭᠴᠠᠭᠠᠷ ᠢᠶᠠᠨ ᠱᠠᠨ ᠰᠢ ᠠᠴᠠ ᠪᠤᠭᠤᠲᠤ ᠳᠤ ᠬᠦᠷᠴᠦ᠂ ᠲᠣᠮᠣ ᠳ᠋ᠠᠶᠢᠲ᠋ᠠ ᠶᠢᠨ ᠲᠠᠪᠴᠠᠩ ᠤᠨ ᠮᠡᠷᠭᠡᠵᠢᠯ ᠤᠨ ᠳᠡᠮᠵᠢᠯᠭᠡ ᠪᠠᠷ ᠡᠪᠦᠭᠡ  ᠪᠠ ᠬᠡᠷ ᠪᠦᠯᠢ ᠶᠢᠨ ᠬᠢᠨ ᠲᠠᠢ ᠨᠢ ᠬᠠᠷᠢᠯᠴᠠᠵᠠᠶ᠃ ᠣᠳᠣᠬᠠᠨ ᠳᠤ᠂ ᠨᠢᠭᠡᠨᠲᠡ ᠠᠮᠤᠷ ᠲᠦᠪᠰᠢᠨ ᠤ ᠲᠠᠯ᠎ᠠ ᠪᠠᠷ ᠲᠥᠭᠡᠷᠢᠭᠰᠡᠨ ᠥᠬᠢᠨ ᠢ ᠬᠡᠷ ᠪᠦᠯᠢ ᠶᠢᠨ ᠬᠢᠨ ᠳᠤᠨᠢ ᠲᠤᠰᠢᠶᠠᠵᠤ ᠲᠣᠰᠣᠭᠤᠯᠵᠤ᠂  ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠤᠬᠠᠶᠢᠯᠠᠭᠰᠠᠨ ᠠᠵᠢᠯ ᠤᠨ ᠪᠠᠶᠢᠷᠢ ᠪᠠᠨ ᠢᠮᠠᠭᠲᠠ ᠪᠠᠲᠤ ᠰᠠᠬᠢᠵᠤ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠬᠠᠷᠢᠶᠠᠲᠤ ᠣᠷᠣᠨ ᠤ ᠣᠯᠠᠨ ᠲᠦᠮᠡᠨ ᠳᠤ ᠦᠢᠯᠡᠴᠢᠯᠡᠵᠦ᠂ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号