2 ᠰᠠᠷ᠎ᠠ ᠶᠢᠨ 18 ᠤ ᠡᠳᠦᠷ᠂ 8 ᠡᠳᠦᠷ ᠤᠨ ᠬᠤᠭᠤᠴᠠᠭ᠎ᠠ ᠲᠠᠢ ᠴᠠᠭᠠᠨ ᠰᠠᠷ᠎ᠠ ᠶᠢᠨ ᠠᠮᠠᠷᠠᠯᠲᠠ | ᠠᠮᠵᠢᠯᠲᠠ ᠲᠠᠢ ᠲᠡᠭᠦᠰᠪᠡ᠃ ᠴᠠᠭᠠᠨ ᠰᠠᠷ᠎ᠠ ᠶᠢᠨ ᠠᠮᠠᠷᠠᠯᠲᠠ᠂ ᠵᠢᠦ ᠶᠤᠸᠠᠨ ᠲᠣᠭᠤᠷᠢᠭ ᠤᠨ ᠵᠢᠭᠤᠯᠴᠢᠯᠠᠯ ᠤᠨ | ᠵᠠᠬ᠎ᠠ ᠳᠡᠯᠭᠡᠭᠦᠷ ᠬᠥᠷ ᠬᠥᠭᠵᠢᠶᠡᠨ ᠲᠠᠢ ᠬᠡᠷᠡᠭᠯᠡᠭᠡᠨ ᠤ ᠦᠪᠡᠳᠡᠭᠰᠢ ᠨᠠᠶᠢᠷ ᠢ ᠤᠭᠲᠤᠨ ᠠᠪᠴᠢᠷᠠᠵᠤ᠂ ᠬᠥᠮᠦᠰ ᠪᠦᠷ | ᠭᠡᠷ ᠠᠴᠠ ᠪᠠᠨ ᠭᠠᠷᠴᠤ᠂ ᠵᠢᠭᠤᠯᠴᠢᠯᠠᠨ ᠠᠮᠠᠷᠠᠬᠤ ᠬᠡᠯᠪᠡᠷᠢ ᠪᠠᠷ ᠴᠠᠭᠠᠨ ᠰᠠᠷ᠎ᠠ ᠶᠢ ᠤᠭᠲᠤᠵᠤ ᠪᠠᠢᠨ᠎ᠠ᠃ | 2 ᠰᠠᠷ᠎ᠠ ᠶᠢᠨ 9 ᠤ ᠡᠳᠦᠷ ᠠᠴᠠ 2 ᠰᠠᠷ᠎ᠠ ᠶᠢᠨ 17 ᠤ ᠡᠳᠦᠷ ᠪᠣᠯᠲᠠᠯ᠎ᠠ᠂ ᠨᠡᠶᠢᠲᠡ 34 ᠲᠦᠮᠡᠨ | ᠵᠤᠭᠠᠴᠠᠭᠰᠠᠳ ᠢ ᠭᠥᠯᠢᠶᠡᠨ ᠠᠪᠴᠤ᠂ ᠡᠵᠡᠩᠨᠡᠯᠲᠡ ᠶᠢᠨ ᠣᠷᠣᠯᠭ᠎ᠠ ᠶᠢ 1189 ᠲᠦᠮᠡᠨ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 3300% ᠪᠠᠷ ᠨᠡᠮᠡᠭᠳᠡᠪᠡ᠃ | ᠰᠥᠨᠢ ᠶᠢᠨ ᠵᠤᠭᠠᠴᠠᠯ ᠤᠨ ᠠᠵᠢᠯᠯᠠᠭ᠎ᠠ ᠨᠢ ᠬᠡᠷᠡᠭᠯᠡᠭᠡᠨ ᠤ ᠰᠢᠨ᠎ᠡ ᠬᠠᠯᠠᠮᠰᠢᠯ ᠪᠣᠯᠵᠤ᠂ ᠬᠥᠨᠳᠡᠯᠡᠨ ᠭᠤᠯᠳᠤ | ᠵᠡᠭᠡᠯᠢ ᠳᠤ ᠠᠯᠢ ᠣᠯᠠᠨ ᠰᠣᠳᠣᠨ ᠰᠣᠶᠣᠯ ᠤᠨ ᠠᠵᠢᠯᠯᠠᠭ᠎ᠠ ᠥᠷᠨᠢᠭᠦᠯᠵᠦ᠂ 19 ᠲᠦᠮᠡ ᠰᠢᠬᠠᠮ ᠵᠤᠭᠠᠴᠠᠭᠰᠠᠳ ᠢ | ᠲᠠᠲᠠᠵᠤ᠂ 669 ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠪᠠ᠃ | ᠡᠭᠦᠨ ᠤ ᠬᠠᠮᠲᠤ᠂ ᠮᠠᠨ ᠤ ᠲᠣᠭᠤᠷᠢᠭ ᠤᠨ ᠡᠯ᠎ᠡ ᠵᠢᠭᠤᠯᠴᠢᠯᠠᠯ ᠤᠨ ᠨᠢᠭᠡᠴᠡ ᠵᠢᠵᠢᠭᠦᠷᠯᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠂ ᠪᠦᠬᠦ᠋ᠢᠯᠡ ᠵᠢᠭᠤᠯᠴᠢᠯᠠᠯ ᠤᠨ | ᠵᠠᠬ᠎ᠠ ᠳᠡᠯᠭᠡᠭᠦᠷ ᠡᠮᠬᠢ ᠳᠢᠭᠯᠢᠮ ᠲᠠᠢ ᠪᠠᠶᠢᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠪᠣᠳᠠᠲᠠᠶᠢᠵᠢᠭᠤᠯᠵᠤ᠂ | ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ᠨᠢ ᠵᠢᠭᠤᠯᠴᠢᠯᠠᠭᠴᠢᠳ ᠲᠤ ᠢᠳᠡᠪᠬᠢᠲᠡᠶ ᠪᠠᠷ ᠰᠠᠶᠢᠨ ᠰᠠᠶᠢᠬᠠᠨ | ᠦᠢᠯᠡᠴᠢᠯᠡᠭᠡ ᠬᠠᠩᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠵᠢᠭᠤᠯᠴᠢᠯᠠᠯ ᠤᠨ ᠠᠮᠤᠷ ᠲᠦᠪᠰᠢᠨ ᠤ ᠬᠦᠨᠳᠦ | ᠶᠡᠭᠡ ᠡ᠊ᠨᠳᠡᠯ ᠪᠠ ᠵᠢᠭᠤᠯᠴᠢᠯᠠᠯ ᠤᠨ ᠬᠦᠨᠳᠦ ᠶᠡᠭᠡ ᠵᠠᠭᠠᠯᠳᠤᠯᠭ᠎ᠠ ᠶᠢᠨ ᠬᠡᠷᠡᠭ ᠭᠠᠷᠤᠭᠰᠠᠨ ᠦᠭᠡᠢ᠃ |