ᠡᠳᠡᠭᠡᠷ ᠸᠢᠴᠠᠲ ᠤᠨ ᠤᠯᠠᠭᠠᠨ ᠪᠠᠭᠯᠠᠭ᠎ᠠ ᠶᠢ ᠶᠠᠭᠠᠬᠢᠬᠰᠠᠨ ᠴᠤ ᠪᠢᠲᠡᠭᠡᠶ ᠠᠪ ᠭᠡᠵᠦ ᠰᠠᠨᠠᠭᠤᠯᠤᠶ᠎ᠠ︕ | 1. ᠨᠢᠭᠤᠴᠠ ᠨᠣᠮᠧᠷ ᠢᠶᠠᠨ ᠪᠢᠴᠢᠵᠦ ᠤᠷᠤᠭᠤᠯᠬᠤ ᠶᠢ ᠱᠠᠭᠠᠷᠳᠠᠬᠰᠠᠨ ᠤᠯᠠᠭᠠᠨ ᠪᠠᠭᠯᠠᠭ᠎ᠠ ᠸᠢᠴᠠᠲ ᠤᠨ | ᠰᠠᠶᠢᠨ ᠨᠠᠶᠢᠵᠠ ᠶᠢᠨ ᠢᠶᠠᠨ ᠢᠷᠡᠭᠦᠯᠦᠭᠰᠡᠨ ᠨᠢᠭᠡᠨ ᠤᠯᠠᠭᠠᠨ ᠪᠠᠭᠯᠠᠭ᠎ᠠ ᠶᠢ ᠨᠡᠭᠡᠭᠡᠬᠦ ᠦᠶᠡᠰ ᠨᠢᠭᠤᠴᠠ ᠨᠣᠮᠧᠷ ᠢᠶᠠᠨ | ᠪᠢᠴᠢᠵᠦ ᠣᠷᠣᠭᠤᠯᠬᠤ ᠶᠢ ᠱᠠᠭᠠᠷᠳᠠᠬᠰᠠᠨ ᠪᠠᠶᠢᠪᠠᠯ ᠪᠢᠲᠡᠭᠡᠶ ᠠᠪ᠃ | 2. ᠬᠤᠪᠢ ᠬᠥᠮᠦᠨ ᠤ ᠮᠡᠳᠡᠭᠡ ᠵᠠᠩᠭᠢ ᠪᠠᠨ ᠪᠢᠴᠢᠵᠦ ᠤᠷᠤᠭᠤᠯᠬᠤ ᠶᠢ ᠱᠠᠭᠠᠷᠳᠠᠬᠰᠠᠨ ᠤᠯᠠᠭᠠᠨ ᠪᠠᠭᠯᠠᠭ᠎ᠠ | ᠡᠨᠡ ᠲᠥᠷᠥᠯ ᠤᠨ ᠤᠯᠠᠭᠠᠨ ᠪᠠᠭᠯᠠᠭ᠎ᠠ ᠶᠢ ᠠᠪᠬᠤ ᠦᠶᠡᠰ᠂ ᠭᠠᠷ ᠤᠲᠠᠰᠤᠨ ᠤ ᠨᠣᠮᠧᠷ᠂ ᠨᠡᠷ᠎ᠡ᠂ ᠪᠠᠩᠬᠢ ᠶᠢᠨ | ᠺᠠᠷᠲ ᠤᠨ ᠨᠣᠮᠧᠷ ᠵᠡᠷᠭᠡ ᠮᠡᠳᠡᠭᠡ ᠵᠠᠩᠭᠢ ᠶᠢ ᠪᠢᠴᠢᠵᠦ ᠤᠷᠤᠭᠤᠯᠬᠤ ᠶᠢ ᠱᠠᠭᠠᠷᠳᠠᠬᠰᠠᠨ ᠪᠠᠶᠢᠪᠠᠯ ᠪᠢᠲᠡᠭᠡᠶ ᠠᠪ᠃ | 3. ᠳᠠᠮᠵᠢᠭᠤᠯᠤᠨ ᠶᠠᠪᠤᠭᠤᠯᠬᠤ ᠶᠢ ᠱᠠᠭᠠᠷᠳᠠᠬᠰᠠᠨ ᠤᠯᠠᠭᠠᠨ ᠪᠠᠭᠯᠠᠭ᠎ᠠ ᠡᠶᠢᠮᠦᠷᠬᠦ ᠤᠯᠠᠭᠠᠨ ᠪᠠᠭᠯᠠᠭ᠎ᠠ ᠶᠢ | ᠲᠤᠪᠰᠢᠵᠦ ᠨᠡᠭᠡᠭᠡᠭᠰᠡᠨ ᠤ ᠳᠠᠷᠠᠭ᠎ᠠ᠂ ᠨᠢᠭᠤᠷ ᠤᠨ ᠰᠠᠨᠠᠭᠤᠯᠤᠮᠵᠢ ᠶᠢ ᠨᠢ ᠪᠤᠰᠤᠳ ᠸᠢᠴᠠᠲ ᠤᠨ ᠬᠤᠯᠪᠣᠭᠠᠨ ᠳᠤ | ᠰᠢᠯᠵᠢᠭᠦᠯᠬᠦ ᠪᠤᠶᠤ ᠨᠠᠶᠢᠵᠠ ᠶᠢᠨ ᠲᠣᠭᠤᠷᠢᠭ ᠲᠤ ᠬᠤᠪᠢᠶᠠᠯᠴᠠ᠊ ᠬᠬᠦ ᠶᠢ ᠱᠠᠭᠠᠷᠳᠠᠬᠰᠠᠨ ᠪᠠᠶᠢᠪᠠᠯ ᠠᠪᠴᠤ ᠪᠣᠯᠤᠨ᠎ᠠ᠃ | | 4. ᠥᠳᠥᠭᠡᠯᠭᠡ ᠶᠢᠨ ᠴᠢᠨᠠᠷᠳᠠᠢ ᠳᠠᠮᠵᠢᠭᠤᠯᠬᠤ ᠦᠭᠡ ᠲᠠᠢ ᠤᠯᠠᠭᠠᠨ ᠪᠠᠭᠯᠠᠭ᠎ᠠ ᠡᠶᠢᠮᠦᠷᠬᠦ ᠤᠯᠠᠭᠠᠨ | ᠪᠠᠭᠯᠠᠭ᠎ᠠ ᠶᠢᠨ ᠴᠥᠷᠬᠦᠯᠡᠭᠡ ᠶᠢ ᠶᠡᠷᠦ ᠨᠢ ᠬᠦᠮᠦᠨ ᠢ ᠠᠮᠠᠷᠬᠠᠨ ᠮᠡᠬᠡᠯᠡᠬᠦ ᠵᠦᠢᠯ ᠪᠦᠷᠢ ᠶᠢᠨ ᠬᠡᠯᠪᠡᠷᠢ ᠪᠠᠷ | ᠪᠣᠭᠤᠳᠠᠯᠯᠠᠳᠠᠭ᠂ ᠵᠢᠱᠢᠶᠡᠯᠡᠪᠡᠯ ᠨᠢᠭᠡᠨ ᠵᠤᠷᠪᠤᠰ ᠦᠨᠡᠨ ᠪᠣᠳᠠᠲᠠᠶ ᠠᠪᠢᠶᠠᠨ ᠤ ᠮᠡᠳᠡᠭᠡ᠂ ᠤᠷᠢᠯᠭ᠎ᠠ | ᠶᠠᠪᠤᠭᠤᠯᠬᠤ ᠶᠢᠨ ᠵᠡᠷᠭᠡ ᠪᠠᠷ ᠨᠠᠶᠢᠵᠠ ᠶᠢᠨ ᠬᠤᠯᠪᠤᠭ᠎ᠠ ᠳᠠᠭᠠᠨ ᠨᠡᠮᠡᠬᠦ ᠶᠢ ᠰᠠᠨᠠᠭᠤᠯᠬᠤ᠂ ︽ᠪᠢ ᠨᠢᠭᠡᠨᠲᠡ ᠣᠯᠵᠤ | ᠠᠪᠴᠠᠶ︾ ᠭᠡᠬᠦ ᠮᠡᠲᠦ ᠶᠢᠨ ᠵᠦᠢᠯ ᠪᠦᠷᠢ ᠶᠢᠨ ᠦᠭᠡ ᠶᠠᠷᠢᠶ᠎ᠠ ᠪᠠᠷ ᠲᠠᠮᠵᠢᠭᠤᠯᠤᠨ ᠬᠡᠷᠡᠭᠯᠡᠭᠴᠢᠳ ᠢ ᠥᠳᠥᠭᠡᠵᠦ | ᠲᠤᠪᠰᠢᠭᠤᠯᠤᠨ ᠨᠡᠭᠡᠭᠡᠯᠭᠡᠳᠡᠭ᠃ | 5. ᠠᠯᠪᠠᠨ ᠤ ᠲᠠᠯ᠎ᠠ ᠶᠢᠨ ᠨᠠᠷᠠ ᠪᠠᠷ ᠤᠪᠯᠠᠬᠰᠠᠨ ᠤᠯᠠᠭᠠᠨ ᠪᠠᠭᠯᠠᠭ᠎ᠠ ᠬᠠᠤᠯᠢ ᠪᠤᠰᠤ ᠡᠲᠡᠭᠡᠳ ᠬᠠᠭᠤᠷᠮᠠᠭ | ᠨᠢᠭᠤᠷ ᠤᠨ ᠠᠭᠤᠯᠭ᠎ᠠ ᠵᠣᠬᠢᠶᠠᠵᠤ᠂ ᠠᠯᠪᠠᠨ ᠤ ᠲᠠᠯ᠎ᠠ ᠶᠢᠨ ᠬᠢᠨ ᠢᠶᠠᠷ ᠣᠪᠯᠠᠵᠦ᠂ ᠬᠠᠯᠠᠮᠰᠢᠯ ᠬᠡᠷᠡᠭ ᠶᠠᠪᠤᠳᠠᠯ ᠢᠶᠠᠷ | ᠬᠠᠯᠬᠠᠪᠴᠢ ᠪᠣᠯᠭᠠᠵᠤ᠂ ᠬᠤᠳᠠᠯ ᠬᠠᠭᠤᠷᠮᠠᠭ ︽ᠠᠰᠢᠭᠲᠠᠶ ᠮᠡᠳᠡᠭᠡ︾ ᠶᠢ ᠵᠣᠬᠢᠶᠠᠭᠠᠳ ᠳᠠᠬᠢᠨ ︽ᠶᠡᠭᠡ ᠲᠣᠭᠠᠨ ᠤ | ᠪᠡᠯᠡᠭ︾ ᠬᠡᠮᠡᠨ ᠬᠦᠮᠦᠰ ᠢ ᠦᠳᠦᠭᠡᠨ ᠲᠠᠳᠠᠵᠦ᠂ ᠬᠡᠷᠡᠭᠯᠡᠭᠴᠢᠳ ᠢ ᠮᠡᠬᠡᠯᠡᠳᠡᠭ᠃ | 6. ︽ᠪᠡᠯᠡᠨ ᠵᠣᠭᠤᠰ ᠤᠨ ᠤᠯᠠᠭᠠᠨ ᠪᠠᠭᠯᠠᠭ᠎ᠠ︾ ︽AA ᠤᠯᠠᠭᠠᠨ ᠪᠠᠭᠯᠠᠭ᠎ᠠ︾ ︽ᠵᠣᠭᠤᠰ ᠦᠭᠭᠦ︾᠂ ︽ | ᠪᠡᠯᠡᠨ ᠵᠣᠭᠤᠰ ᠤᠨ ᠪᠡᠯᠡᠭ ᠤᠨ ᠪᠠᠭᠯᠠᠭ᠎ᠠ︾᠂ ︽AA ᠤᠯᠠᠭᠠᠨ ᠪᠠᠭᠯᠠᠭ᠎ᠠ︾ ᠵᠡᠷᠭᠡ ᠦᠰᠦᠭ ᠪᠢᠴᠢᠭᠰᠡᠨ | ᠤᠯᠠᠭᠠᠨ ᠪᠠᠭᠯᠠᠭ᠎ᠠ ᠶᠢᠨ ᠮᠡᠬᠡᠯᠡᠯ ᠢ ᠬᠢᠴᠢᠶᠡᠭᠦ ᠬᠡᠷᠡᠭᠲᠡᠶ᠃ | |