︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ︾ ᠵᠠᠮ ᠤᠨ ᠳ᠋ᠧᠩ ᠭᠡᠷᠡᠯᠲᠦᠵᠦ  ᠠᠷᠠᠳ ᠤᠨ ᠰᠡᠳᠬᠢᠯ ᠢ ᠠᠮᠤᠷᠵᠢᠭᠤᠯᠤᠨ᠎ᠠ
ᠨᠡᠶᠢᠲᠡᠯᠡᠭᠰᠡᠨ ᠴᠠᠭ᠄
2024/2/21
    ᠣᠶᠢᠷ᠎ᠠ ᠳᠤ᠂ ᠬᠤᠩ ᠰᠢᠶᠠᠩ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠲᠤᠰᠬᠠᠭᠰᠠᠨ ᠵᠥᠩ ᠬᠠᠶ ᠾᠧ ᠱᠠᠨ ᠵᠢᠶᠦ᠋ᠨ ᠤ ᠡᠮᠦᠨ᠎ᠡ ᠤᠮᠠᠷ᠎ᠠ ᠲᠣᠭᠤᠷᠢᠭ ᠤᠨ ᠳᠤᠮᠳᠠᠬᠢ ᠬᠤᠩ ᠰᠢᠶᠠᠩ ᠵᠠᠮ ᠤᠨ ᠰᠥᠨᠢ ᠶᠢᠨ ᠵᠠᠮ ᠤᠨ ᠳ᠋ᠧᠩ ᠨᠣᠴᠣᠬᠤ ᠪᠠᠨ ᠪᠤᠯᠢᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠵᠣ᠂ ᠠᠮᠤᠷ ᠲᠦᠪᠰᠢᠨ ᠤ ᠳᠠᠯᠳᠠ ᠬᠡᠮ ᠣᠷᠣᠰᠢᠵᠤ᠂ ᠭᠡᠷ ᠬᠤᠷᠢᠶᠠᠯᠠᠯ ᠤᠨ ᠬᠢᠨ ᠵᠣᠬᠢᠴᠠᠭᠤᠯᠤᠨ ᠰᠢᠢᠳᠪᠤᠷᠢᠯᠡᠬᠦ ᠶᠢ ᠬᠦᠰᠡᠵᠦ ᠪᠠᠶᠢᠨ᠎ᠠ ᠭᠡᠵᠢ᠃
E:\发\乡镇新闻(2.21)\1.jpg
 ᠵᠠᠰᠠᠬᠤ ᠠᠴᠠ ᠡᠮᠦᠨ᠎ᠡ ᠵᠠᠮ ᠤᠨ ᠳ᠋ᠧᠩ ᠨᠣᠴᠣᠬᠤ ᠦᠭᠡᠢ    ᠰᠠᠭᠤᠭᠠᠯᠢ ᠠᠷᠠᠳ ᠤᠨ ᠰᠥᠨᠢ ᠪᠠᠷ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠨ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠭᠡᠷ ᠬᠤᠷᠢᠶᠠᠯᠠᠯ ᠤᠨ ᠠᠵᠢᠯᠲᠠᠳ ᠰᠠᠭᠤᠭᠠᠯᠢ ᠠᠷᠠᠳ ᠤᠨ ᠲᠤᠰᠬᠠᠯ ᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠠᠳᠠᠯ ᠠᠬᠤᠶ ᠶᠢᠨ ᠠᠵᠢᠯᠲᠠᠳ ᠲᠠᠢ ᠬᠠᠷᠢᠯᠴᠠᠵᠤ ᠪᠠᠶᠢᠳᠠᠯ ᠢ ᠤᠶᠢᠯᠠᠭᠠᠨ ᠬᠠᠷᠭᠤᠭᠤᠯᠤᠭᠰᠠᠨ ᠤ ᠳᠠᠷᠠᠭ᠎ᠠ ᠪᠤᠭᠤᠲᠤ ᠬᠤᠲᠠ ᠶᠢᠨ ᠵᠠᠮ ᠤᠨ ᠶᠠᠪᠤᠳᠠᠯ ᠵᠢᠴᠢ ᠰᠢᠨ᠎ᠡ ᠬᠤᠲᠠ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠠᠷᠢᠯᠴᠠᠵᠤ ᠪᠠᠶᠢᠳᠠᠯ ᠢ ᠨᠢ ᠲᠣᠳᠣᠷᠬᠠᠶᠢᠯᠠᠨ ᠥᠭᠴᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠮ ᠤᠨ ᠳ᠋ᠧᠩ ᠨᠣᠴᠣᠬᠤ ᠥᠬᠡᠶ ᠪᠠᠶᠢᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠳᠣᠭᠢᠷᠠᠭᠤᠯᠤᠨ ᠪᠠᠶᠢᠷᠢᠯᠠᠭᠤᠯᠵᠤ᠂ ᠲᠣᠰ ᠣᠷᠣᠶ ᠳᠤᠨᠢ ᠵᠠᠮ ᠤᠨ ᠳ᠋ᠧᠩ ᠨᠢᠭᠡᠨᠲᠡ ᠪᠦᠬᠦᠨ ᠢᠶᠠᠷ ᠢᠶᠠᠨ ᠭᠡᠷᠡᠯᠲᠦᠭᠦᠯᠭᠡ ᠶᠢ ᠰᠡᠷᠭᠦᠭᠡᠪᠡ᠃
E:\发\乡镇新闻(2.21)\2.jpg
ᠰᠠᠭᠤᠭᠠᠯᠢ ᠠᠷᠠᠳ ᠬᠤᠩ ᠰᠢᠶᠠᠩ ᠵᠠᠮ ᠤᠨ ᠭᠡᠷᠡᠯᠲᠦᠭᠦᠯᠭᠡ ᠶᠢ ᠰᠡᠷᠭᠦᠭᠡᠪᠡ ᠭᠡᠵᠦ ᠬᠠᠷᠢᠭᠤ ᠲᠤᠰᠬᠠᠪᠠ    ︽ᠵᠠᠮ ᠤᠨ ᠳ᠋ᠧᠩ ᠭᠡᠷᠡᠯᠲᠦᠵᠦ᠂ ᠴᠢᠷᠮᠠᠶᠢᠯᠠᠭ᠎ᠠ ᠬᠥᠮᠦᠨ ᠢ ᠬᠥᠰᠡᠷᠳᠡᠭᠦᠯᠬᠦ ᠦᠭᠡᠶ᠂ ᠴᠢᠨᠦ ᠠᠵᠢᠯᠯᠠᠭ᠎ᠠ ᠶᠠᠭ ᠵᠤᠨ ᠤ ᠨᠡᠷᠡᠨ ᠤ ᠭᠡᠷᠡᠯ ᠰᠢᠭ᠂ ᠠᠮᠢᠳᠤᠷᠠᠯ ᠤᠨ ᠥᠨᠴᠥᠭ ᠪᠤᠯᠤᠩ ᠪᠦᠬᠦᠨ ᠢ ᠭᠡᠷᠡᠯᠲᠦᠭᠦᠯᠵᠦ᠂ ᠬᠥᠮᠦᠰ ᠢ ᠦᠨᠡᠨ ᠰᠡᠳᠬᠢᠯ ᠠᠴᠠ ᠪᠠᠨ ᠪᠢᠰᠢᠷᠡᠨ ᠬᠦᠨᠳᠦᠳᠬᠡᠬᠦ ᠰᠡᠳᠬᠢᠯᠭᠡ ᠲᠠᠢ ᠪᠣᠯᠭᠠᠨ᠎ᠠ᠂ ᠲᠠᠨ ᠳᠤ ᠲᠠᠯᠠᠷᠬᠠᠵᠤ ᠪᠠᠶᠢᠨ᠎ᠠ᠃︾ ᠰᠦᠯᠵᠢᠶᠡᠨ ᠤ ᠰᠦᠷᠦᠭᠵᠢᠯ ᠤᠨ ᠳᠣᠲᠣᠷᠠᠬᠢ ᠰᠠᠭᠤᠭᠠᠯᠢ ᠠᠷᠠᠳ ᠭᠡᠷ ᠬᠤᠷᠢᠶᠠᠯᠠᠯ ᠤᠨ ᠠᠵᠢᠯᠲᠠᠳ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠦᠷᠭᠡᠨ ᠪᠥᠭᠡᠳ ᠴᠠᠭ ᠲᠤᠬᠠᠢ ᠳᠤᠨᠢ ᠬᠠᠷᠢᠯᠴᠠᠵᠤ᠂ ᠭᠡᠷ ᠲᠡᠭᠡᠨ ᠬᠠᠷᠢᠬᠤ ᠵᠠᠮ ᠢ ᠨᠢ ᠭᠡᠷᠡᠯᠲᠦᠭᠦᠯᠦᠭᠰᠡᠨ ᠢ ᠮᠠᠭᠲᠠᠨ ᠰᠠᠶᠢᠰᠢᠶᠠᠪᠠ᠃
E:\发\乡镇新闻(2.21)\3.jpg
    ᠰᠠᠭᠤᠭᠠᠯᠢ ᠠᠷᠠᠳ ᠤᠨ ᠠᠮᠢᠳᠤᠷᠠᠯ ᠳᠤ ᠬᠤᠯᠪᠣᠭᠳᠠᠬᠤ ᠵᠦᠢᠯ ᠪᠣᠯᠭᠠᠨ ᠳᠤ ᠴᠥᠮ ᠶᠡᠭᠡ ᠶᠠᠪᠤᠳᠠᠯ ᠪᠣᠯᠤᠨ᠎ᠠ᠃ ᠬᠤᠩ ᠰᠢᠶᠠᠩ ᠭᠡᠷ ᠬᠤᠷᠢᠶᠠᠯᠠᠯ ᠤᠨ ᠬᠢᠨ ᠰᠠᠭᠤᠭᠠᠯᠢ ᠠᠷᠠᠳ ᠤᠨ ᠬᠠᠯᠠᠮᠵᠢᠯᠠᠯ ᠬᠠᠯᠠᠮᠵᠢᠯᠠᠯ ᠠᠴᠠ ᠮᠣᠷᠳᠠᠵᠤ᠂ ᠰᠠᠭᠤᠭᠠᠯᠢ ᠠᠷᠠᠳ ᠤᠨ ᠭᠠᠴᠢᠭᠳᠠᠯ ᠵᠣᠪᠠᠭᠤᠷᠢ ᠠᠴᠠ ᠭᠠᠷᠳᠠᠭᠤᠯᠤᠨ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ︽ᠬᠤᠣᠰ ᠠᠷᠪᠠ︾᠎ ᠶᠢᠨ ᠦᠢᠯᠡᠴᠢᠯᠡᠭᠡᠨ ᠤ ᠬᠢᠯᠠᠰ ᠴᠡᠭ ᠢ ᠡᠭᠦᠳᠴᠦ᠂ ︽ᠭᠡᠷ ᠬᠤᠷᠢᠶᠠᠯᠠᠯ ᠤᠨ ᠲᠦᠷᠢ ᠲᠥᠷᠬᠦ︾᠎ ᠶᠢ ᠪᠤᠢ ᠪᠣᠯᠭᠠᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号