ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/2/23
ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠪᠣᠯᠤᠨ ᠲᠣᠭᠲᠠᠭᠠᠯ ᠢ ᠳᠣᠭᠤᠭᠰᠢᠯᠠᠭᠤᠯᠤᠨ ᠬᠡᠷᠡᠭᠵᠢᠭᠦᠯᠦᠨ᠎ᠡ᠃    ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠭᠰᠠᠨ ᠡᠳᠦᠷ ᠲᠤᠲᠤᠮ ᠤᠨ ᠵᠠᠰᠠᠭ ᠤᠨ ᠶᠠᠪᠤᠳᠠᠯ ᠪᠠ ᠬᠡᠷᠡᠭ ᠶᠠᠪᠤᠳᠠᠯ ᠤᠨ ᠠᠵᠢᠯ ᠢ ᠪᠡᠶᠡᠯᠡᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠪᠠ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    ︵ᠭᠤᠷᠪᠠ︶ ᠡᠯ᠎ᠡ ᠭᠠᠵᠠᠷ ᠣᠷᠣᠨ᠂ ᠬᠦᠷᠢᠶᠡᠯᠡᠩ ᠲᠣᠭᠤᠷᠢᠭ ᠪᠣᠯᠤᠨ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠭᠠᠪᠤᠷᠢ ᠠᠪᠴᠤ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠠᠰᠠᠭᠤᠳᠠᠯ ᠢ ᠰᠤᠳᠤᠯᠵᠤ᠂ ᠬᠢᠨᠠᠨ ᠬᠠᠷᠭᠤᠭᠤᠯᠵᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠲᠣᠭᠲᠠᠭᠠᠯᠭᠠᠨ᠎ᠠ᠃    ︵ᠲᠦᠷᠪᠡ︶ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ ᠰᠢᠢᠳᠪᠤᠷᠢᠯᠡᠨ᠂ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠠᠪᠤ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠤᠷᠢᠳᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃   ︵ᠵᠢᠷᠭᠤᠭ᠎ᠠ︶ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠵᠦ ᠪᠠᠶᠢᠭ᠎ᠠ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠡᠰᠡᠭ ᠰᠠᠨᠠᠯ ᠵᠥᠪᠯᠡᠯᠭᠡ᠂ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃    ︵ᠳᠣᠯᠤᠭ᠎ᠠ︶ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠴᠤ᠂ ᠰᠢᠮᠳᠠᠭᠤᠯᠬᠤ ᠪᠠ ᠪᠠᠶᠢᠴᠠᠭᠠᠨ᠎ᠠ᠃    ︵ᠨᠠᠢᠮᠠ︶ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠬᠦᠢᠴᠡᠳᠭᠡᠬᠦ ᠪᠠ ᠵᠢᠯᠣᠭᠤᠳᠤᠨ᠎ᠠ᠃    ︵ᠶᠢᠰᠦ︶ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ᠂ ᠠᠭᠤᠯᠭ᠎ᠠ ᠶᠢᠨ ᠪᠠᠲᠤᠯᠠᠭ᠎ᠠ ᠪᠠ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠪᠠᠶᠢᠭᠤᠯᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠ︶ ᠲᠣᠭᠤᠷᠢᠭ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠶᠡᠷᠦᠩᠬᠡᠶ ᠵᠢᠵᠢᠭᠦᠷ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠠᠮᠢᠶ᠎ᠠ ᠪᠥᠬᠦᠶ ᠤᠴᠢᠷ ᠢ ᠰᠢᠢᠳᠪᠤᠷᠢᠯᠡᠨ᠎ᠡ᠃     ︵ᠠᠷᠪᠠᠨ ᠨᠢᠭᠡ︶ ᠲᠣᠭᠤᠷᠢᠭ ᠤᠨ ᠨᠠᠮ ᠵᠠᠰᠠᠭ ᠤᠨ ᠠᠯᠪᠠᠨ ᠠᠰᠠᠷ ᠵᠢᠴᠢ ᠳᠠᠭᠠᠯᠲᠠ ᠠᠰᠠᠷ ᠤᠨ ᠠᠮᠤᠷ ᠲᠦᠪᠰᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠤᠰᠤ᠂ ᠴᠠᠬᠢᠯᠭᠠᠨ᠂ ᠳᠤᠯᠠᠭᠠᠯᠠᠭ᠎ᠠ᠂ ᠦᠨᠳᠦᠰᠦᠨ ᠪᠥᠲᠥᠭᠡᠨ ᠪᠠᠶᠢᠭᠤᠯᠤᠯᠲᠠ᠂ ᠰᠡᠯᠪᠢᠨ ᠵᠠᠰᠠᠬᠤ ᠵᠢᠴᠢ ᠪᠤᠰᠤᠳ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠬᠤᠶᠠᠷ︶ ᠪᠠᠶᠢᠭᠤᠯᠭ᠎ᠠ ᠶᠢᠨ ᠦᠢᠯᠡᠴᠢᠯᠡᠭᠡᠨ ᠤ ᠬᠡᠯᠲᠡᠰ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃   ︵ᠠᠷᠪᠠᠨ ᠭᠤᠷᠪᠠ︶ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ  ᠭᠦᠢᠴᠡᠳᠭᠡᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ   ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ 6 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠨᠠᠷᠢᠨ ᠪᠢᠴᠢᠭᠡᠴᠢ ᠶᠢᠨ ᠲᠠᠰᠤᠭ    ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠰᠢᠢᠳᠪᠤᠷᠢᠲᠤ ᠪᠣᠳᠣᠯᠭ᠎ᠠ ᠳᠤ ᠬᠠᠪᠰᠤᠷᠤᠮᠵᠢ ᠪᠣᠯᠭᠠᠬᠤ ᠶᠢ ᠬᠠᠷᠢᠭᠤᠴᠠᠵᠤ᠂ ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢ ᠪᠠᠳᠠᠷᠠᠭᠤᠯᠤᠨ᠎ᠠ᠄ ᠵᠠᠰᠠᠭ ᠤᠨ ᠣᠷᠳᠣᠨ ᠤ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠪᠠ ᠡᠬᠡ ᠪᠢᠴᠢᠭ ᠲᠤᠭᠤᠷᠪᠢᠬᠤ᠂ ᠪᠢᠴᠢᠭ ᠬᠠᠷ᠎ᠠ ᠶᠢ ᠰᠢᠢᠳᠪᠦᠷᠢᠯᠡᠬᠦ᠂ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠬᠢᠬᠦ᠂ ᠲᠠᠮᠠᠭ᠎ᠠ ᠳᠠᠷᠤᠬᠤ ᠶᠢ ᠬᠠᠮᠢᠶᠠᠷᠬᠤ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠪᠢᠴᠢᠭ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ᠂ ᠴᠢᠮᠡᠭᠡ ᠨᠡᠪᠲᠡᠷᠡᠯᠭᠡ ᠶᠢᠨ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠳᠠᠷᠤᠮᠠᠯᠯᠠᠬᠤ ᠪᠠ ᠠᠯᠪᠠᠨ ᠠᠵᠢᠯ ᠤᠨ ᠠᠦ᠋ᠲ᠋ᠣᠴᠢᠯᠠᠭᠰᠠᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠵᠣᠬᠢᠴᠠᠭᠤᠯᠤᠨ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠰᠢᠮᠳᠠᠭᠤᠯᠤᠨ ᠪᠠᠢᠴᠠᠭᠠᠬᠤ ᠲᠠᠰᠤᠭ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠ ᠤᠳᠤᠷᠢᠳᠤᠯᠭ᠎ᠠ ᠶᠢᠨ ᠲᠤᠰᠢᠶᠠᠨ ᠥᠭᠴᠦ ᠰᠢᠢᠳᠪᠦᠷᠢᠯᠡᠭᠦᠯᠬᠦ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠮᠥᠷᠳᠡᠨ ᠪᠠᠶᠢᠴᠠᠭᠠᠨ ᠰᠤᠳᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠦᠨ᠎ᠡ᠃    ︵ᠭᠤᠷᠪᠠ︶ ᠬᠠᠤᠯᠢ ᠳᠦᠷᠢᠮ ᠤᠨ ᠠᠯᠪᠠᠨ ᠭᠡᠷ    ᠲᠤᠭᠤᠷᠢᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠦᠢᠯᠡᠴᠢᠯᠡᠬᠦ ᠠᠵᠢᠯ ᠢ ᠬᠠᠷᠢᠭᠤᠴᠠᠵᠤ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠵᠦ ᠳᠠᠩᠰᠠᠯᠠᠭᠤᠯᠤᠨ ᠢᠯᠭᠠᠷᠠᠭᠤᠯᠬᠤ ᠠᠵᠢᠯ ᠢ ᠡᠭᠦᠷᠭᠡᠯᠡᠵᠦ᠂ ᠲᠤᠭᠤᠷᠢᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ ᠠᠵᠢᠯ ᠢ ᠵᠢᠯᠣᠭᠤᠳᠬᠤ ᠪᠠ ᠳᠠᠭᠠᠭᠠᠨ ᠬᠢᠨ᠎ᠡ᠃    ︵ᠲᠦᠷᠪᠡ︶ ᠡᠯᠧᠺᠲᠷᠣᠨ ᠵᠠᠰᠠᠭ ᠤᠨ ᠶᠠᠪᠤᠳᠠᠯ ᠤᠨ ᠲᠠᠰᠤᠭ    ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ᠂ ᠠᠭᠤᠯᠭ᠎ᠠ ᠶᠢᠨ ᠪᠠᠲᠤᠯᠠᠭ᠎ᠠ ᠪᠠ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃    ︵ᠲᠠᠪᠤ︶ ᠵᠠᠰᠠᠭ ᠵᠠᠬᠢᠷᠭᠠᠨ ᠤ ᠭᠡᠷ    ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠠᠵᠢᠯᠲᠠᠨ ᠤ ᠶᠠᠪᠤᠳᠠᠯ᠂ ᠬᠥᠳᠡᠯᠮᠦᠷᠢ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠰᠢᠢᠳᠪᠦᠷᠢᠯᠡᠨ᠎ᠡ᠃ ᠠᠯᠪᠠᠨ ᠭᠡᠷ ᠤᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ᠃ ᠠᠵᠢᠯᠴᠢᠨ ᠤ ᠡᠪᠯᠡᠯ ᠤᠨ ᠡᠮᠡᠭᠲᠡᠶᠢᠴᠦᠳ᠂ ᠲᠥᠯᠥᠪᠯᠡᠭᠡᠲᠦ ᠦᠷᠡᠵᠢᠯ᠂ ᠠᠬᠠᠮᠠᠳ ᠺᠠᠳ᠋ᠷ ᠤᠨ ᠠᠵᠢᠯ ᠢ ᠬᠠᠷᠢᠭᠤᠴᠠᠨ᠎ᠠ᠃ ᠠᠯᠪᠠᠨ ᠭᠡᠷ ᠵᠢᠴᠢ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠲᠤᠭ᠎ᠠ ᠪᠦᠷᠢᠳᠬᠡᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠠᠷᠢᠭᠤᠴᠠᠨ᠎ᠠ᠃     ︵ᠵᠢᠷᠭᠤᠭ᠎ᠠ︶ ᠶᠡᠷᠦᠩᠬᠡᠢ ᠶᠠᠪᠤᠳᠠᠯ ᠤᠨ ᠲᠠᠰᠤᠭ   ᠵᠠᠰᠠᠭ ᠤᠨ ᠣᠷᠳᠣᠨ ᠤ ᠪᠠᠶᠢᠭᠤᠯᠭ᠎ᠠ ᠶᠢᠨ ᠲᠡᠷᠭᠡ ᠬᠥᠰᠬᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠤᠷᠢᠭ ᠤᠨ ᠨᠠᠮ ᠵᠠᠰᠠᠭ ᠤᠨ ᠠᠯᠪᠠᠨ ᠠᠰᠠᠷ ᠵᠢᠴᠢ ᠳᠠᠭᠠᠯᠲᠠ ᠠᠰᠠᠷ ᠤᠨ ᠠᠮᠤᠷ ᠲᠦᠪᠰᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠵᠢᠴᠢ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ ᠶᠢᠨ ᠬᠠᠮᠢᠶᠠᠷᠤᠯᠲᠠ᠂ ᠬᠠᠮᠠᠭᠠᠯᠠᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠷᠢᠶ᠎ᠠ ᠨᠢᠭᠡᠴᠡ ᠶᠢᠨ ᠡᠳᠦᠷ ᠲᠤᠲᠤᠮ ᠤᠨ ᠠᠵᠢᠯ ᠳᠤ ᠬᠡᠷᠡᠭᠰᠡᠬᠦ ᠡᠳ᠋ ᠪᠣᠳᠠᠰ᠂ ᠠᠯᠪᠠᠨ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠦᠢᠯᠡᠴᠢᠯᠡᠭᠡᠨ ᠤ ᠬᠡᠯᠲᠡᠰ ᠤᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠪᠠᠶᠢᠭᠤᠯᠭ᠎ᠠ ᠪᠣᠯᠤᠨ ᠠᠯᠪᠠᠨ ᠭᠡᠷ ᠤᠨ ᠨᠡᠶᠢᠭᠡᠮ ᠤᠨ ᠠᠮᠤᠷ ᠲᠦᠪᠰᠢᠨ᠂ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠬᠦᠯᠢᠶᠡᠨ ᠵᠣᠴᠢᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠡᠳᠦᠷ ᠲᠤᠲᠤᠮ ᠤᠨ ᠪᠤᠰᠤᠳ ᠠᠵᠢᠯ ᠢ ᠬᠠᠷᠢᠭᠤᠴᠠᠨ᠎ᠠ᠃    ᠬᠠᠶ᠋ᠢᠭ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠭᠤᠷᠪᠠᠳᠤᠭᠠᠷ ᠳᠠᠪᠬᠤᠷ    ᠠᠵᠢᠯ ᠤᠨ ᠤᠲᠠᠰᠤ᠄ 0472 - 6939100    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ    ᠦᠳᠡ ᠶᠢᠨ ᠡᠮᠦᠨᠡᠬᠢ 8᠄ 30—12 ᠄ 00    ᠦᠳᠡ ᠶᠢᠨ ᠬᠤᠶᠢᠨ᠎ᠠ   14᠄ 30—17᠄ 30    ᠬᠠᠷᠢᠭᠤᠴᠠᠯᠭ᠎ᠠ ᠡᠭᠦᠷᠭᠡᠯᠡᠭᠴᠢ᠄ ᠱᠢ ᠵᠦᠩ ᠴᠢᠤᠸᠠᠨ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号