ᠰᠤᠷᠭᠠᠨ ᠬᠦᠮᠤᠵᠢᠯ ᠤᠨ ᠲᠤᠪᠴᠢᠶ᠎ᠠ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠰᠤᠷᠭᠠᠨ | ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠦᠬᠦ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠵᠤ᠂ ᠬᠡᠪ | ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ ᠶᠢ | ᠠᠬᠢᠭᠤᠯᠬᠤ ᠶᠢ ᠬᠠᠷᠢᠭᠤᠴᠠᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠥᠨᠳᠥᠷ ᠬᠢᠷᠢ | ᠬᠡᠮᠵᠢᠶ᠎ᠡ ᠪᠠᠷ ᠴᠢᠨᠠᠷ ᠰᠠᠶᠢᠲᠠᠶ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠬᠡᠤᠬᠡᠳ ᠤᠨ ᠰᠤᠷᠭᠠᠨ ᠬᠥᠮᠦᠵᠢᠯ ᠪᠠ ᠣᠨᠴᠠᠭᠠᠢ | ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ ᠪᠢᠴᠢᠭ ᠤᠨ ᠪᠠᠯᠠᠢ ᠠᠴᠠ ᠲᠠᠶᠢᠯᠬᠤ | ᠠᠵᠢᠯ ᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ | ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠰᠤᠷᠲᠠᠬᠤᠨ ᠤ | ᠬᠥᠮᠦᠵᠢᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠰᠤᠷᠭᠠᠨ ᠬᠥᠮᠦᠵᠢᠯ | ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ | ︵ᠭᠤᠷᠪᠠ︶ ᠰᠤᠷᠭᠠᠨ ᠬᠥᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠠᠰ ᠲᠤᠨᠢ ᠵᠢᠭᠰᠠᠭᠠᠬᠤ | ᠵᠢᠯ ᠤᠨ ᠲᠥᠰᠦᠪ ᠪᠠ ᠲᠥᠯᠥᠪᠯᠡᠭᠡ ᠶᠢᠨ ᠰᠠᠨᠠᠯ ᠳᠤᠷᠠᠳᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠲᠥᠷᠥᠯ ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ᠂ ᠠᠵᠢᠯ ᠦᠢᠯᠡᠰ ᠤᠨ ᠵᠠᠷᠤᠳᠠᠯ ᠢ ᠬᠠᠮᠢᠶᠠᠷᠤᠨ᠎ᠠ᠃ ᠡᠯ᠎ᠡ ᠭᠤᠣᠯ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ | ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠨ᠎ᠡ᠃ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠲᠤᠭ᠎ᠠ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠪᠦᠬᠦ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠢ | ᠬᠠᠷᠢᠭᠤᠴᠠᠨ᠎ᠠ᠃ ᠬᠠᠷᠢᠶ᠎ᠠ ᠪᠦᠬᠦᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ | ᠠᠵᠢᠯ ᠢ ᠬᠠᠷᠢᠭᠤᠴᠠᠨ᠎ᠠ᠃ ᠶᠠᠳᠠᠭᠤ ᠬᠦᠴᠢᠷᠳᠡᠯᠲᠡᠶ ᠰᠤᠷᠤᠭᠴᠢᠳ ᠢ ᠲᠡᠩᠬᠡᠷᠡᠭᠦᠯᠦᠨ ᠲᠤᠰᠠᠯᠠᠵᠤ ᠬᠠᠪᠰᠤᠷᠤᠨ | ᠲᠡᠳᠬᠦᠬᠦ ᠠᠵᠢᠯ ᠢ ᠬᠠᠷᠢᠭᠤᠴᠠᠨ ᠬᠠᠮᠢᠶᠠᠷᠤᠨ᠎ᠠ᠃ | ︵ᠲᠦᠷᠪᠡ︶ ᠡᠯ᠎ᠡ ᠲᠥᠪ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠰᠢᠭᠤᠳ ᠬᠠᠷᠢᠶ᠎ᠠ | ᠨᠢᠭᠡᠴᠢ ᠨᠦᠭᠦᠳ ᠢ ᠵᠢᠯᠣᠭᠤᠳᠤᠨ ᠰᠢᠮᠳᠠᠭᠤᠯᠵᠤ ᠪᠠᠶᠢᠭᠠᠳ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠲᠤᠭᠤᠰᠢᠯᠠᠭᠤᠯᠵᠤ᠂ ᠤᠯᠤᠰ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ | ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ | ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠲᠦᠭᠡᠮᠡᠯᠵᠢᠭᠦᠯᠦᠨ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ | ᠲᠠᠯ᠎ᠠ ᠪᠠᠷ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠤᠷᠭᠠᠨ | ᠬᠥᠮᠦᠵᠢᠯ ᠤᠨ ᠣᠨᠣᠯ ᠤᠨ ᠰᠤᠳᠤᠯᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ᠎ᠡ᠃ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠶᠢᠴᠠᠭᠠᠵᠤ | ᠦᠨᠡᠯᠡᠨ ᠵᠢᠱᠢᠯᠲᠡ ᠬᠢᠨ᠎ᠡ᠃ | ︵ᠲᠠᠪᠤ︶ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠥᠭᠵᠢᠭᠦᠯᠬᠦ | ᠴᠢᠭᠯᠡᠯᠲᠡ ᠶᠢ ᠪᠠᠷᠢᠮᠲᠠᠯᠠᠨ᠂ ᠦᠨᠳᠦᠰᠦᠲᠡᠨ ᠤ ᠰᠤᠷᠭᠠᠭᠤᠯᠢ ᠶᠢᠨ ᠰᠠᠭᠤᠷᠢ ᠨᠥᠬᠦᠴᠡᠯ ᠤᠨ ᠪᠠᠶᠢᠭᠤᠯᠤᠯᠲᠠ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯᠤᠨ ᠵᠢᠭᠠᠨ ᠰᠤᠷᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ | ᠡᠩᠨᠡᠭᠡᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠬᠦ ᠶᠢᠨ ᠬᠠᠮᠲᠤ ᠲᠠᠷᠢᠶᠠᠯᠠᠬᠤ ᠮᠠᠯᠵᠢᠬᠤ ᠣᠷᠣᠨ ᠤ ᠰᠤᠷᠭᠠᠨ ᠬᠥᠮᠦᠵᠢᠯ ᠢ | ᠴᠢᠩᠭᠠᠳᠬᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ᠂ ᠡᠶ᠎ᠡ ᠵᠣᠬᠢᠴᠠᠯ ᠲᠠᠢ ᠬᠥᠭᠵᠢᠭᠦᠯᠬᠦ᠂ | ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠶᠢ ᠦᠨᠳᠦᠰᠦᠨ ᠳᠤᠨᠢ ᠪᠡᠶᠡᠯᠡᠭᠦᠯᠦᠨ᠎ᠡ᠃ | ︵ᠵᠢᠷᠭᠤᠭ᠎ᠠ︶ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ | ᠠᠵᠢᠯ᠂ ᠲᠣᠭᠲᠠᠭᠤᠨ ᠠᠵᠢᠯ ᠪᠠ ᠡᠯ᠎ᠡ ᠲᠥᠷᠥᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠢ ᠬᠠᠷᠢᠭᠤᠴᠠᠨ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ | ᠪᠠᠷᠢᠮᠵᠢᠶ᠎ᠠ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠬᠡᠷᠡᠭᠵᠢᠭᠦᠯᠦᠨ᠎ᠡ᠃ ᠪᠦᠬᠦ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠠ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠦᠭᠡ ᠬᠡᠯᠡ ᠦᠰᠦᠭ | ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠲᠣᠭᠤᠷᠢᠭ ᠤᠨ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯ ᠪᠠ ᠨᠡᠶᠢᠲᠡᠯᠢᠭ ᠬᠡᠯᠡᠨ ᠤ ᠪᠠᠭᠰᠢ ᠶᠢ ᠪᠣᠯᠪᠠᠰᠤᠷᠠᠭᠤᠯᠬᠤ | ᠠᠵᠢᠯ ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠶᠢ ᠲᠣᠭᠲᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠲᠠᠯᠪᠢᠬᠤ ᠠᠷᠭ᠎ᠠ ᠶᠢ ᠲᠣᠭᠲᠠᠭᠠᠨ᠎ᠠ᠃ | ︵ᠳᠤᠯᠤᠭ᠎ᠠ︶ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ᠂ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠰᠤᠷᠭᠠᠨ ᠬᠥᠮᠦᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠬᠤ ᠬᠡᠷᠡᠭᠲᠡᠶ᠃ ᠪᠦᠬᠦ ᠲᠣᠭᠤᠷᠢᠭ ᠤᠨ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠣᠶᠣᠯ ᠤᠨ ᠪᠠᠯᠠᠶ ᠶᠢ | ᠠᠷᠢᠯᠭᠠᠬᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠪ | ᠴᠢᠨᠠᠷ ᠤᠨ ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠬᠢᠨᠠᠨ ᠵᠢᠯᠣᠭᠤᠳᠬᠤ | ᠠᠵᠢᠯ ᠢ ᠢᠳᠡᠪᠬᠢᠲᠡᠶ ᠥᠷᠨᠢᠭᠦᠯᠵᠦ᠂ ᠰᠤᠷᠭᠠᠭᠤᠯᠢ ᠪᠠ ᠰᠤᠷᠭᠠᠭᠤᠯᠢ ᠡᠷᠬᠢᠯᠡᠬᠦ ᠨᠢᠭᠡᠴᠡ ᠳᠤ ᠬᠡᠪ ᠴᠢᠨᠠᠷ ᠤᠨ | ᠰᠤᠷᠭᠠᠨ ᠬᠥᠮᠦᠵᠢᠯ ᠢ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ︵ᠨᠠᠢᠮᠠ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠢᠯᠭᠠᠯᠲᠠ ᠪᠠ ᠰᠤᠷᠤᠭᠴᠢ ᠡᠯᠰᠡᠬᠦ ᠠᠵᠢᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠡᠮᠯᠡᠯ᠂ ᠨᠣᠭᠤᠭᠠᠨ | ᠦᠨᠡᠮᠯᠡᠯ ᠤᠨ ᠬᠢᠨᠠᠨ ᠰᠢᠯᠭᠠᠯᠲᠠ ᠪᠠ ᠣᠯᠭᠤᠬᠤ ᠠᠵᠢᠯ ᠢ ᠬᠠᠷᠢᠭᠤᠴᠠᠨ᠎ᠠ᠃ | ︵ᠶᠢᠰᠦ︶ ᠡᠷᠬᠡ ᠮᠡᠳᠡᠯ ᠶᠣᠰᠣᠭᠠᠷ ᠨᠡᠶᠢᠭᠡᠮ ᠤᠨ ᠬᠦᠴᠦᠨ ᠤ ᠰᠤᠷᠭᠠᠭᠤᠯᠢ ᠡᠷᠬᠢᠯᠡᠬᠦ ᠶᠢ ᠬᠢᠨᠠᠨ ᠵᠥᠪᠰᠢᠶᠡᠷᠡᠬᠦ | ᠂ ᠪᠠᠶᠢᠴᠠᠭᠠᠵᠤ ᠦᠨᠡᠯᠡᠨ ᠵᠢᠱᠢᠬᠦ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠ︶ ᠪᠦᠬᠦ ᠲᠣᠭᠤᠷᠢᠭ ᠤᠨ ᠡᠯ᠎ᠡ ᠰᠤᠷᠭᠠᠭᠤᠯᠢ ᠶᠢᠨ ᠠᠵᠢᠯᠴᠢ ᠠᠷᠪᠢᠴᠢ ᠪᠠᠷ ᠰᠤᠷᠭᠠᠭᠤᠯᠢ ᠡᠷᠬᠢᠯᠡᠬᠦ | ᠰᠠᠭᠤᠷᠢᠨ ᠭᠠᠵᠠᠷ ᠤᠨ ᠵᠣᠬᠢᠴᠠᠭᠤᠯᠬᠤ᠂ ᠵᠢᠯᠣᠭᠤᠳᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠵᠦᠢᠯᠡᠰ ᠢ ᠳᠠᠭᠠᠭᠠᠨ ᠠᠪᠴᠤ ᠭᠦᠢᠴᠡᠳᠬᠡᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠵᠢᠦ ᠶᠤᠸᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ 5 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄ | ︵ᠨᠢᠭᠡ︶ ᠠᠯᠪᠠᠨ ᠭᠡᠷ | ᠲᠣᠪᠴᠢᠶ᠎ᠠ ᠶᠢᠨ ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ | ᠰᠢᠢᠳᠪᠦᠷᠢᠯᠡᠨ᠎ᠡ᠃ ᠪᠠᠶᠢᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠴᠢᠨᠠᠷᠲᠠᠶ ᠮᠠᠲ᠋ᠧᠷᠢᠶᠠᠯ | ᠲᠤᠭᠤᠷᠪᠢᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ᠂ ᠨᠢᠭᠤᠴᠠ᠂ | ᠨᠢᠭᠤᠴᠠ ᠶᠢ ᠬᠠᠮᠠᠭᠠᠯᠠᠬᠤ᠂ ᠨᠠᠷᠢᠨ ᠪᠢᠴᠢᠭ᠂ ᠳᠠᠩᠰᠠ ᠡᠪᠬᠡᠮᠡᠯ᠂ ᠡᠳ᠋ ᠤᠨ ᠶᠠᠪᠤᠳᠠᠯ ᠵᠢᠴᠢ ᠮᠡᠳᠡᠭᠡ ᠵᠠᠩᠭᠢ ᠵᠡᠷᠭᠡ | ᠠᠵᠢᠯ ᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠪ ᠴᠢᠨᠠᠷ ᠤᠨ ᠰᠤᠷᠭᠠᠨ | ᠬᠥᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠢ ᠬᠢᠨᠠᠨ ᠵᠢᠯᠣᠭᠤᠳᠴᠤ᠂ ᠰᠠᠭᠤᠷᠢ ᠰᠤᠷᠭᠠᠨ | ᠬᠥᠮᠦᠵᠢᠯ ᠤᠨ ᠭᠤᠤᠯᠳᠠᠯᠭ᠎ᠠ᠂ ᠬᠦᠴᠢᠷ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠵᠤ᠂ ᠰᠤᠷᠭᠠᠭᠤᠯᠢ ᠪᠠ | ᠰᠤᠷᠭᠠᠭᠤᠯᠢ ᠡᠷᠬᠢᠯᠡᠬᠦ ᠨᠢᠭᠡᠴᠡ ᠳᠤ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠦᠨᠡᠯᠡᠯᠲᠡ ᠶᠢᠨ | ᠲᠣᠭᠲᠠᠴᠠ ᠶᠢ ᠪᠠᠶᠢᠭᠤᠯᠬᠤ ᠶᠢ ᠬᠠᠷᠢᠭᠤᠴᠠᠨ᠎ᠠ᠃ ᠭᠠᠳᠠᠭᠰᠢ ᠤᠬᠠᠭᠤᠯᠬᠤ᠂ ᠮᠡᠳᠡᠭᠡ ᠵᠠᠩᠭᠢ ᠴᠤᠭᠯᠠᠭᠤᠯᠬᠤ | ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠣᠯᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠬᠡᠷᠡᠭᠲᠡᠶ᠃ | ︵ᠬᠤᠶᠠᠷ︶ ᠤᠯᠤᠰ ᠲᠥᠷᠥ ᠶᠢᠨ ᠠᠵᠢᠯᠲᠠᠨ ᠤ ᠶᠠᠪᠤᠳᠠᠯ ᠤᠨ ᠲᠠᠰᠤᠭ | ᠪᠦᠬᠦ ᠰᠢᠰᠲ᠋ᠧᠮ ᠤᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠴᠢᠨ ᠤ ᠡᠪᠯᠡᠯ ᠵᠠᠯᠠᠭᠤᠴᠤᠳ | ᠡᠮᠡᠭᠲᠡᠶᠢᠴᠦᠳ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠬᠠᠷᠢᠭᠤᠴᠠᠨ᠎ᠠ᠃ ᠪᠦᠬᠦ ᠰᠢᠰᠲ᠋ᠧᠮ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠢᠴᠢ ᠵᠠᠬᠢᠳᠠᠯ ᠰᠤᠷᠪᠤᠯᠵᠢᠯᠠᠯ ᠤᠨ ᠠᠵᠢᠯ ᠢ ᠬᠠᠷᠢᠭᠤᠴᠠᠨ᠎ᠠ︔ | ᠪᠦᠬᠦ ᠰᠢᠰᠲ᠋ᠧᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠵᠢᠴᠢ ᠲᠥᠯᠥᠪᠯᠡᠭᠡᠲᠦ ᠦᠷᠡᠵᠢᠯ ᠤᠨ ᠠᠵᠢᠯ ᠢ | ᠬᠠᠷᠢᠭᠤᠴᠠᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠶᠢᠨ | ᠤᠳᠤᠷᠢᠳᠬᠤ ᠪᠠᠭ ᠢ ᠬᠢᠨᠠᠨ ᠰᠢᠯᠭᠠᠬᠤ᠂ ᠪᠣᠯᠪᠠᠰᠤᠷᠠᠭᠤᠯᠬᠤ ᠵᠢᠴᠢ ᠪᠠᠶᠢᠴᠠᠭᠠᠵᠤ ᠲᠣᠮᠢᠯᠠᠬᠤ ᠪᠠᠭᠤᠯᠭᠠᠬᠤ ᠠᠵᠢᠯ ᠢ | ᠬᠠᠷᠢᠭᠤᠴᠠᠵᠤ᠂ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠢ ᠰᠠᠶᠢᠲᠤᠷ ᠬᠢᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠳᠤ ᠤᠷᠢᠵᠤ | ᠬᠡᠷᠡᠭᠯᠡᠬᠦ᠂ ᠬᠠᠮᠢᠶᠠᠷᠬᠤ ᠶᠢ ᠬᠠᠷᠢᠭᠤᠴᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠢᠯᠭᠠᠨ ᠬᠢᠨᠠᠬᠤ᠂ ᠲᠠᠯᠪᠢᠬᠤ ᠲᠥᠰᠦᠯ ᠢ ᠲᠣᠭᠲᠠᠭᠠᠨ᠎ᠠ᠃ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠪᠣᠯᠪᠠᠰᠤᠷᠠᠭᠤᠯᠬᠤ᠂ ᠰᠢᠯᠭᠠᠨ ᠬᠢᠨᠠᠬᠤ ᠪᠠ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠬᠢᠲᠠᠳ ᠦᠭᠡ ᠬᠡᠯᠡ ᠦᠰᠦᠭ | ᠪᠢᠴᠢᠭ ᠤᠨ ᠵᠢᠷᠤᠮᠵᠢᠯ ᠪᠠ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ | ᠲᠤᠰᠬᠠᠶ ᠮᠡᠷᠭᠡᠵᠢᠯ ᠤᠨ ᠠᠵᠢᠯᠲᠠᠨ ᠤ ᠠᠩᠬᠠᠨ ᠤ ᠪᠠ ᠳᠡᠭᠡᠳᠦ ᠵᠡᠷᠭᠡ ᠶᠢᠨ ᠲᠤᠰᠢᠶᠠᠯ ᠢ ᠭᠤᠶᠤᠴᠢᠯᠠᠨ ᠮᠡᠳᠡᠭᠦᠯᠬᠦ᠂ | ᠠᠩᠬᠠᠨ ᠤ ᠰᠢᠯᠭᠠᠷᠠᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ | ᠬᠠᠮᠲᠤᠷᠠᠨ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠴᠠᠯᠢᠩ ᠢ ᠬᠢᠨᠠᠨ | ᠲᠣᠭᠲᠠᠭᠠᠬᠤ ᠵᠢᠴᠢ ᠮᠡᠳᠡᠬᠦ᠂ ᠨᠥᠬᠦᠪᠦᠷᠢᠯᠡᠬᠦ ᠨᠥᠬᠦᠴᠡᠯ ᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠠ᠃ | ᠲᠣᠭᠤᠷᠢᠭ ᠤᠨ ᠣᠷᠣᠨ ᠲᠤᠭ᠎ᠠ ᠶᠢᠨ ᠠᠯᠪᠠᠨ ᠭᠡᠷ ᠲᠠᠢ ᠬᠠᠮᠲᠤᠷᠠᠨ ᠪᠦᠬᠦ ᠲᠣᠭᠤᠷᠢᠭ ᠤᠨ ᠭᠤᠣᠯ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠠᠵᠢᠯ ᠢ | ᠰᠠᠶᠢᠲᠤᠷ ᠬᠢᠨ᠎ᠡ᠃ | ︵ᠭᠤᠷᠪᠠ︶ ᠰᠤᠷᠭᠠᠨ ᠬᠦᠮᠦᠵᠢᠯ ᠤᠨ ᠲᠠᠰᠤᠭ | ︽ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠬᠤ᠂ ᠰᠤᠷᠭᠠᠨ ᠬᠥᠮᠦᠵᠢᠯ ᠤᠨ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ︾᠂ ︽ ᠵᠠᠯᠠᠭᠤᠴᠤᠳ ᠢᠳᠡᠷᠴᠤᠳ ᠤᠨ ᠦᠰᠦᠭ ᠦᠯᠦ ᠲᠠᠨᠢᠬᠤ | ᠶᠠᠪᠤᠳᠠᠯ ᠢ ᠦᠨᠳᠦᠰᠦᠨ ᠳᠤ ᠪᠠᠨ ᠠᠷᠢᠯᠭᠠᠬᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠲᠦᠭᠡᠮᠡᠯᠵᠢᠭᠦᠯᠬᠦ︾ ᠠᠵᠢᠯ ᠢ ᠬᠠᠷᠢᠭᠤᠴᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠂ ᠡᠩ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠭᠡᠷ ᠪᠦᠯᠢ ᠶᠢᠨ | ᠰᠤᠷᠭᠠᠨ ᠬᠥᠮᠦᠵᠢᠯ᠂ ᠭᠡᠷ ᠤᠨ ᠠᠬᠠᠮᠠᠳ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠱᠠᠩᠨᠠᠵᠤ | ᠲᠣᠷᠭᠠᠬᠤ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠪᠡᠶ᠎ᠡ ᠶᠢᠨ ᠲᠠᠮᠢᠷ ᠤᠨ ᠡᠷᠡᠭᠦᠯ ᠬᠠᠮᠠᠭᠠᠯᠠᠯ᠂ ᠤᠷᠠᠯᠢᠭ ᠤᠨ ᠰᠤᠷᠭᠠᠨ ᠬᠥᠮᠦᠵᠢᠯ ᠤᠨ ᠠᠵᠢᠯ ᠢ | ᠬᠠᠷᠢᠭᠤᠴᠠᠨ᠎ᠠ᠃ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ | ᠪᠠᠶᠢᠴᠠᠭᠠᠯᠲᠠ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ | ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠨ ᠬᠥᠮᠦᠵᠢᠯ ᠤᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠪᠠ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠰᠢᠮᠳᠠᠭᠤᠯᠤᠨ ᠵᠢᠯᠣᠭᠤᠳᠤᠨ᠎ᠠ᠃ | ᠪᠦᠬᠦ ᠲᠣᠭᠤᠷᠢᠭ ᠤᠨ ᠭᠤᠣᠯ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ | ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠰᠢᠮᠳᠠᠭᠤᠯᠵᠤ᠂ ᠰᠤᠷᠭᠠᠨ | ᠬᠥᠮᠦᠵᠢᠯ ᠤᠨ ᠰᠢᠮᠳᠠᠭᠤᠯᠤᠨ ᠵᠢᠯᠣᠭᠤᠳᠬᠤ ᠤᠨᠤᠯ ᠤᠨ ᠰᠤᠳᠤᠯᠭᠠᠨ ᠢ ᠵᠣᠬᠢᠶᠠᠨ ᠪᠠᠶᠢᠭᠤᠯᠤᠨ᠎ᠠ᠃ | ︵ᠲᠦᠷᠪᠡ︶ ᠵᠣᠭᠤᠰ ᠪᠣᠳᠣᠬᠤ ᠲᠠᠰᠤᠭ | ᠰᠤᠷᠭᠠᠨ ᠬᠥᠮᠦᠵᠢᠯ ᠤᠨ ᠵᠠᠷᠤᠳᠠᠯ ᠤᠨ ᠲᠥᠰᠦᠪ᠂ ᠲᠥᠰᠦᠪ ᠤᠨ ᠭᠦᠢᠴᠡᠳᠬᠡᠯ ᠪᠠ ᠬᠠᠮᠢᠶᠠᠷᠤᠯᠲᠠ ᠶᠢ | ᠬᠠᠷᠢᠭᠤᠴᠠᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ ᠪᠠ ᠬᠤᠪᠢᠶᠠᠷᠢᠯᠠᠯᠲᠠ ᠳᠤ ᠰᠠᠨᠠᠯ ᠳᠤᠷᠠᠳᠤᠨ᠎ᠠ᠃ ᠰᠤᠷᠭᠠᠨ | ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠰᠡᠯᠪᠢᠨ ᠵᠠᠰᠠᠬᠤ᠂ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠬᠢᠨᠠᠯᠲᠠ ᠲᠠᠯᠪᠢᠬᠤ ᠪᠠ ᠪᠠᠶᠢᠴᠠᠭᠠᠨ᠎ᠠ᠃ ᠡᠯ᠎ᠡ ᠭᠤᠣᠯ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠰᠢᠭᠤᠳ | ᠬᠠᠷᠢᠶ᠎ᠠ ᠨᠢᠭᠡᠴᠢ ᠶᠢᠨ ᠰᠤᠷᠭᠠᠨ ᠬᠥᠮᠦᠵᠢᠯ ᠤᠨ ᠵᠠᠷᠤᠳᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠪᠠ ᠬᠡᠷᠡᠭᠯᠡᠯᠲᠡ ᠶᠢ ᠬᠢᠨᠠᠨ ᠪᠠᠶᠢᠴᠠᠭᠠᠨ᠎ᠠ᠃ ᠰᠤᠷᠭᠠᠨ ᠬᠥᠮᠦᠵᠢᠯ ᠤᠨ ᠲᠤᠭ᠎ᠠ ᠪᠦᠷᠢᠳᠬᠡᠯ᠂ ᠰᠤᠷᠭᠠᠨ | ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠪᠠ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠲᠤᠰ ᠱᠠᠲᠤᠨ ᠤ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ | ︵ᠲᠠᠪᠤ︶ ᠰᠤᠷᠤᠭᠴᠢ ᠡᠯᠰᠡᠬᠦ ᠠᠯᠪᠠᠨ ᠭᠡᠷ | ᠵᠢᠦ ᠶᠤᠸᠠᠨ ᠲᠣᠭᠤᠷᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠲᠤᠷᠠᠭᠰᠠᠨ ᠰᠢᠯᠭᠠᠯᠲᠠ᠂ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠲᠤᠷᠠᠭᠰᠠᠨ ᠰᠢᠯᠭᠠᠯᠲᠠ᠂ ᠪᠠᠭᠰᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠬᠤ ᠰᠤᠷᠭᠠᠨ ᠬᠥᠮᠦᠵᠢᠯ ᠤᠨ ᠤᠬᠠᠭᠠᠨ᠂ ᠰᠡᠳᠬᠢᠴᠡ ᠶᠢᠨ ᠵᠦᠢ ᠶᠢᠨ ᠰᠢᠯᠭᠠᠯᠲᠠ ᠶᠢᠨ | ᠮᠡᠳᠡᠭᠡ ᠵᠠᠩᠭᠢ ᠴᠤᠭᠯᠠᠭᠤᠯᠬᠤ᠂ ᠨᠡᠷ᠎ᠡ ᠮᠡᠳᠡᠭᠦᠯᠬᠦ᠂ ᠰᠢᠯᠭᠠᠯᠲᠠ ᠶᠢ ᠵᠣᠬᠢᠶᠠᠨ ᠪᠠᠶᠢᠭᠤᠯᠬᠤ᠂ ᠲᠤᠭ᠎ᠠ ᠪᠦᠷᠢᠳᠬᠡᠯ᠂ | ᠰᠣᠷᠣᠭᠴᠢ ᠡᠯᠰᠡᠬᠦ ᠵᠡᠷᠭᠡ ᠠᠵᠢᠯ ᠢ ᠬᠠᠷᠢᠭᠤᠴᠠᠨ᠎ᠠ᠃ | ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠰᠢᠷ᠎ᠠ ᠨᠤᠷ᠎ᠠ ᠵᠡᠭᠡᠯᠢ ᠭᠤᠳᠤᠮᠵᠢ ᠶᠢᠨ | ᠠᠭᠤᠳᠠᠮ ᠲᠠᠯᠠᠪᠠᠶ ᠵᠡᠭᠡᠯᠢ ᠶᠢᠨ ᠰᠣᠶᠣᠯ ᠲᠠᠮᠢᠷ ᠤᠨ ᠲᠣᠮᠣ ᠠᠰᠠᠷ | ᠠᠵᠢᠯ ᠤᠨ ᠤᠲᠠᠰᠤ᠄ 0472 - 7148269 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭᠠᠲᠠᠨ᠄ ᠭᠦᠸᠧ ᠵᠢᠶᠦ᠋ᠨ |