1. ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠬᠡᠨ ᠢᠳᠡᠪᠡᠯ ᠰᠠᠶᠢᠨ ᠰᠢᠨ᠎ᠡ ᠰᠣᠷᠭᠤᠭ ᠢᠳᠡᠰᠢᠨ ᠨᠣᠭᠤᠭ᠎ᠠ | ᠵᠢᠮᠢᠰ ᠨᠢ ᠬᠥᠮᠦᠨ ᠤ ᠪᠡᠶ᠎ᠡ ᠳᠤ ᠮᠠᠰᠢ ᠣᠯᠠᠨ ᠠᠰᠢᠭᠲᠠᠶ ᠲᠠᠯ᠎ᠠ ᠲᠠᠢ ᠪᠠᠶᠢᠳᠠᠭ᠂ ᠲᠡᠷᠡ ᠨᠢ ᠪᠡᠶ᠎ᠡ ᠮᠠᠬᠠᠪᠣᠳ ᠲᠤ | ᠬᠡᠷᠡᠭᠰᠡᠬᠦ ᠰᠢᠮ᠎ᠡ ᠲᠡᠵᠢᠭᠡᠯ ᠢ ᠨᠥᠬᠦᠪᠥᠷᠢᠯᠡᠬᠦ ᠠᠴᠠ ᠭᠠᠳᠠᠨ᠎ᠠ᠂ ᠥᠮᠡᠨ ᠢ ᠰᠡᠷᠭᠡᠶᠢᠯᠡᠬᠦ ᠲᠠᠯ᠎ᠠ ᠪᠠᠷ ᠴᠤ ᠮᠠᠰᠢ ᠶᠡᠭᠡ | ᠦᠢᠯᠡᠳᠦᠯ ᠦᠵᠡᠭᠦᠯᠳᠡᠭ᠃ | 2. ᠭᠤᠤᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠬᠦᠦ ᠢᠳᠡᠪᠡᠯ ᠰᠠᠶᠢᠨ ᠪᠢᠳᠡ ᠨᠠᠷᠢᠯᠢᠭ | ᠲᠤᠲᠤᠷᠭ᠎ᠠ ᠶᠢ ᠪᠠᠭ᠎ᠠ ᠢᠳᠡᠵᠦ᠂ ᠭᠤᠣᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠭᠦᠦ ᠢᠳᠡᠬᠦ ᠶᠢ | ᠤᠯᠠᠨ ᠳᠤ ᠰᠠᠨᠠᠭᠤᠯᠤᠶ᠎ᠠ᠃ ᠤᠴᠢᠷ ᠨᠢ ᠨᠠᠷᠢᠯᠢᠭ ᠲᠤᠲᠤᠷᠭ᠎ᠠ ᠶᠢᠨ ᠭᠤᠯᠢᠷ ᠲᠠᠢ ᠬᠠᠷᠢᠴᠠᠭᠤᠯᠪᠠᠯ᠂ ᠡᠯᠳᠡᠪ ᠠᠮᠤ | ᠪᠤᠳᠠᠭ᠎ᠠ ᠳᠤ ᠨᠡᠩ ᠠᠷᠪᠢᠨ ᠢᠳᠡᠭᠡᠨ ᠤ ᠰᠢᠷᠭᠡᠭᠯᠢᠭ᠂ B ᠲᠥᠷᠥᠯ ᠤᠨ ᠸᠢᠲ᠋ᠠᠮᠢᠨ ᠵᠢᠴᠢ ᠡᠷᠦᠳᠡᠰᠦ ᠠᠭᠤᠯᠤᠬᠳᠠᠵᠤ | ᠪᠠᠶᠢᠬᠤ ᠪᠦᠭᠡᠳ ᠪᠠᠰᠠ ᠬᠤᠭᠤᠯᠠᠨ ᠤ ᠳᠠᠷᠠᠭᠠᠬᠢ ᠴᠢᠰᠤᠨ ᠰᠢᠬᠢᠷ ᠢ ᠲᠣᠭᠲᠠᠪᠤᠷᠢᠵᠢᠭᠤᠯᠵᠤ᠂ ᠡᠷᠡᠭᠦᠯ ᠮᠡᠨᠳᠦ ᠳᠤ | ᠨᠡᠩ ᠠᠰᠢᠭᠲᠠᠶ ᠪᠠᠶᠢᠳᠠᠭ᠃ | 3. ᠡᠳᠦᠷ ᠪᠦᠷᠢ ᠪᠤᠷᠴᠠᠭ ᠤᠨ ᠢᠳᠡᠭᠡᠨ ᠢᠳᠡᠪᠡᠯ ᠰᠠᠶᠢᠨ 25 ᠭᠷᠠᠮ ᠰᠢᠷ᠎ᠠ ᠪᠤᠷᠴᠠᠭ ᠨᠢ ᠨᠢᠳᠤᠷᠭ᠎ᠠ ᠶᠢᠨ | ᠴᠢᠨᠡᠭᠡᠨ ᠤᠮᠠᠷᠠᠲᠤ ᠶᠢᠨ ᠳ᠋ᠧᠦᠹᠦ᠋ ᠪᠤᠶᠤ ᠬᠠᠭᠠᠰ ᠬᠠᠶᠢᠷᠴᠠᠭ ᠡᠮᠦᠨᠡᠳᠦ ᠶᠢᠨ ᠳ᠋ᠧᠦᠹᠦ᠋ ᠪᠠ ᠨᠢᠳᠤᠷᠭ᠎ᠠ ᠶᠢᠨ ᠴᠢᠨᠡᠭᠡᠨ | ᠳ᠋ᠧᠦᠹᠦ᠋ ᠶᠢᠨ ᠰᠢᠷᠭᠡᠭᠯᠢᠭ ᠪᠤᠶᠤ 2 ᠬᠡᠰᠡᠭ ᠬᠠᠲᠠᠭᠠᠮᠠᠯ ᠳ᠋ᠧᠦᠹᠦ᠋ ᠲᠠᠢ ᠲᠡᠩᠴᠡᠨ᠎ᠡ᠃ ᠪᠤᠷᠴᠠᠭ ᠤᠨ ᠢᠳᠡᠭᠡᠨ ᠢ | ᠰᠠᠶᠢᠳᠤᠷ ᠢᠳᠡᠪᠡᠯ ᠬᠥᠬᠦᠨ ᠪᠤᠯᠴᠢᠷᠬᠠᠶ ᠶᠢᠨ ᠥᠮᠡᠨ ᠤ ᠲᠦᠭᠰᠢᠭᠦᠷᠢ ᠶᠢ ᠪᠠᠭᠠᠰᠬᠠᠨ᠎ᠠ᠃ | 4. ᠦᠷᠭᠦᠯᠵᠢ ᠴᠠᠢ ᠤᠤᠭᠤᠪᠡᠯ ᠰᠠᠶᠢᠨ ᠴᠠᠢ ᠶᠢᠨ ᠳᠣᠲᠣᠷ᠎ᠠ ᠢᠰᠦᠯᠳᠦᠬᠦ ᠶᠢ ᠡᠰᠡᠷᠭᠦᠴᠡᠬᠦ | ᠪᠦᠷᠢᠯᠳᠦᠬᠦᠨ ᠲᠠᠢ ᠴᠠᠢ ᠶᠢᠨ ᠣᠯᠠᠨ ᠹᠧᠨᠣᠯ ᠠᠭᠤᠯᠤᠭᠳᠠᠵᠤ ᠪᠠᠶᠢᠳᠠᠭ᠂ ᠡᠳᠦᠷ ᠪᠦᠷᠢ ᠴᠠᠢ ᠤᠤᠭᠤᠪᠠᠯ ᠡᠷᠡᠭᠦᠯ | ᠮᠡᠨᠳᠦ ᠳᠤ ᠠᠰᠢᠭᠲᠠᠢ ᠶᠤᠮ᠃ ᠣᠳᠣᠬᠠᠨ ᠤ ᠵᠠᠷᠢᠮ ᠰᠤᠳᠤᠯᠭᠠᠨ ᠠᠴᠠ ᠦᠵᠡᠪᠡᠯ᠂ ᠦᠷᠭᠦᠯᠵᠢ ᠴᠠᠶ ᠤᠤᠭᠤᠪᠠᠯ | ᠵᠢᠷᠦᠬᠡ ᠴᠢᠰᠤᠨ ᠰᠤᠳᠠᠯ ᠤᠨ ᠡᠪᠡᠳᠴᠢᠨ᠂ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠵᠢᠴᠢ | ᠬᠤᠳᠣᠭᠤᠳᠣᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠳᠠᠭ᠃ | |