ᠵᠢᠶᠠᠨ ᠬᠤᠸᠠ ᠭᠡᠷ ᠬᠤᠷᠢᠶᠠᠯᠠᠯ᠄ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠪᠠ
ᠨᠡᠶᠢᠲᠡᠯᠡᠭᠰᠡᠨ ᠴᠠᠭ᠄
2024/2/28
    ᠵᠢᠷᠦᠬᠡ ᠲᠠᠷᠢᠬᠢᠨ ᠴᠢᠰᠤᠨ ᠰᠤᠳᠠᠯ ᠤᠨ ᠡᠪᠡᠳᠴᠢᠨ ᠪᠣᠯ ᠨᠠᠰᠤᠲᠠᠶᠢᠴᠤᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠨᠦᠯᠦᠭᠡ ᠲᠠᠢ ᠨᠢᠭᠡ ᠵᠦᠢᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠮᠥᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ᠂ 2 ᠰᠠᠷ᠎ᠠ ᠶᠢᠨ 27᠎ ᠤ ᠡᠳᠦᠷ᠂ ᠵᠢᠶᠠᠨ ᠬᠤᠸᠠ ᠭᠡᠷ ᠬᠤᠷᠢᠶᠠᠯᠠᠯ ᠬᠠᠮᠲᠤᠪᠠᠷ ᠪᠠᠶᠢᠭᠤᠯᠬᠤ ᠨᠢᠭᠡᠴᠡ ᠵᠢᠤ ᠶᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠠᠵᠢᠯᠲᠠᠨ ᠢ ᠤᠷᠢᠵᠤ ᠨᠠᠰᠤᠲᠠᠶᠢᠴᠤᠳ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠮᠭᠡᠭ ᠤᠨ ᠡᠷᠡᠭᠦᠯᠵᠢᠯ ᠤᠨ ᠮᠡᠳᠡᠯᠭᠡ ᠶᠢᠨ ᠲᠠᠶᠢᠯᠤᠮᠵᠢ ᠬᠢᠯᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠠᠶᠢᠩᠭᠤ ᠬᠡᠷᠡᠭᠯᠡᠬᠦ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠲᠤ ᠰᠠᠭᠤᠷᠢ ᠪᠠᠶᠢᠴᠠᠭᠠᠯᠲᠠ ᠬᠢᠪᠡ᠃
C:\Users\Administrator\Desktop\新闻照片\1.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠲᠤ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠡᠪᠡᠳᠴᠢᠨ ᠤ ᠰᠢᠯᠲᠠᠭᠠᠨ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠪᠠ᠃ ᠣᠳᠣ ᠶᠠᠭ ᠬᠦᠢᠲᠡᠨ ᠠᠭᠤᠷ ᠠᠮᠢᠰᠬᠤᠯ ᠤᠨ ᠬᠥᠳᠡᠯᠭᠡᠭᠡᠨ ᠣᠯᠠᠰᠢᠷᠠᠵᠤ᠂ ᠨᠠᠰᠤᠲᠠᠶᠢᠴᠤᠳ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠠᠮᠠᠷᠬᠠᠨ ᠡᠭᠦᠰᠭᠡᠨ᠎ᠡ᠃ ᠨᠠᠰᠤᠲᠠᠶᠢᠴᠤᠳ ᠢ ᠳᠣᠤᠷᠠᠬᠢ ᠮᠡᠲᠦ ᠲᠠᠯ᠎ᠠ ᠠᠴᠠ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠤ ᠳᠠᠭᠠᠷᠢᠯᠲᠠ ᠠᠴᠠ ᠵᠠᠶᠢᠯᠠᠰᠬᠢᠬᠦ ᠶᠢ ᠠᠩᠬᠠᠷᠬᠤ ᠬᠡᠷᠡᠭᠲᠡᠶ᠄ ᠨᠢᠭᠡ ᠳᠤ ᠵᠣᠬᠢᠰᠲᠠᠶ ᠳᠠᠪᠲᠠᠨ ᠪᠣᠯᠪᠠᠰᠤᠷᠠᠭᠤᠯᠬᠤ ᠶᠢ ᠠᠩᠬᠠᠷᠴᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠬᠤᠶᠠᠷ ᠲᠤ ᠢᠳᠡᠭᠡᠨ ᠤᠮᠳᠠᠭᠠᠨ ᠤ ᠪᠦᠲᠦᠴᠡ ᠪᠠᠨ ᠲᠣᠬᠢᠷᠠᠭᠤᠯᠬᠤ ᠶᠢ ᠠᠩᠬᠠᠷᠬᠤ ᠬᠡᠷᠡᠭᠲᠡᠢ᠃ ᠭᠤᠷᠪᠠ ᠳᠤ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠲᠠᠢ ᠪᠠᠶᠢᠬᠤ ᠶᠢ ᠠᠩᠬᠠᠷᠴᠤ᠂ ᠰᠡᠳᠬᠢᠯ ᠳᠣᠭᠳᠣᠯᠬᠤ ᠠᠴᠠ ᠵᠠᠶᠢᠯᠠᠰᠬᠢᠬᠦ ᠬᠡᠷᠡᠭᠲᠡᠶ᠃ ᠳᠥᠷᠪᠡ ᠳᠤ ᠬᠤᠯᠪᠣᠭᠳᠠᠯ ᠪᠦᠬᠦᠢ ᠡᠪᠡᠳᠴᠢᠨ ᠡᠮᠭᠡᠭ ᠢ ᠢᠳᠡᠪᠬᠢᠲᠡᠶ ᠪᠠᠷ ᠡᠮᠨᠡᠨ ᠵᠠᠰᠠᠬᠤ ᠶᠢ ᠠᠩᠬᠠᠷᠬᠤ ᠬᠡᠷᠡᠭᠲᠡᠶ᠃
C:\Users\Administrator\Desktop\新闻照片\2.jpg
    ᠲᠤᠰ ᠤᠳᠠᠭᠠᠨ ᠤ ᠲᠠᠶᠢᠯᠤᠮᠵᠢ ᠨᠢ ᠡᠯᠪᠡᠭ ᠪᠠᠶᠠᠯᠢᠭ ᠭᠡᠷᠡᠯ ᠵᠢᠷᠤᠭ ᠪᠣᠯᠤᠨ ᠶᠡᠭᠡ ᠬᠡᠮᠵᠢᠶᠡᠨ ᠤ ᠪᠣᠳᠠᠲᠤ ᠵᠢᠱᠢᠶ᠎ᠡ ᠪᠠᠷ ᠠᠮᠲᠠ ᠰᠢᠮᠲᠡ ᠲᠠᠢ ᠠᠨᠠᠭᠠᠬᠤ ᠤᠬᠠᠭᠠᠨ ᠤ ᠤᠨᠤᠯ ᠤᠨ ᠮᠡᠳᠡᠯᠭᠡ ᠶᠢ ᠨᠡᠩ ᠠᠮᠠᠷᠬᠠᠨ ᠣᠶᠢᠯᠠᠭᠠᠵᠤ᠂ ᠬᠢᠴᠢᠶᠡᠯ ᠰᠣᠨᠣᠰᠤᠭᠰᠠᠨ ᠰᠠᠭᠤᠭᠠᠯᠢ ᠠᠷᠠᠳ ᠥᠪᠡᠷ ᠢᠶᠠᠨ ᠡᠪᠡᠳᠴᠢᠨ ᠡᠮᠭᠡᠭ ᠢ ᠰᠡᠷᠭᠡᠶᠢᠯᠡᠬᠦ ᠮᠠᠰᠢ ᠤᠯᠠᠨ ᠮᠡᠳᠡᠯᠭᠡ ᠶᠢ ᠣᠯᠵᠤ ᠰᠤᠷᠤᠭᠰᠠᠨ ᠢᠶᠠᠨ ᠢᠯᠡᠳᠬᠡᠵᠡᠶ᠂ ᠲᠤᠰ ᠤᠳᠠᠭᠠᠨ ᠤ ᠠᠵᠢᠯᠯᠠᠭ᠎ᠠ ᠨᠢ ᠤᠯᠠᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠭᠡᠷ ᠬᠤᠷᠢᠶᠠᠯᠠᠯ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠠᠶ᠃ ᠬᠤᠶᠢᠰᠢᠳᠠ ᠵᠢᠶᠠᠨ ᠬᠤᠸᠠ ᠭᠡᠷ ᠬᠤᠷᠢᠶᠠᠯᠠᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠶᠢᠮᠦᠷᠬᠦ ᠡᠷᠡᠭᠦᠯ ᠮᠡᠨᠳᠦ ᠶᠢᠨ ᠲᠠᠶᠢᠯᠤᠮᠵᠢ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠪᠠ ᠡᠷᠡᠭᠦᠯ ᠮᠡᠨᠳᠦ ᠶᠢᠨ ᠤᠬᠠᠮᠰᠠᠷ ᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠦᠬᠡ ᠪᠣᠯᠭᠠᠨ ᠳᠤ ᠬᠦᠷᠭᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号