ᠨᠡᠶᠢᠲᠡ ᠶᠢᠨ ᠮᠠᠰᠢᠨ ᠲᠡᠷᠭᠡ ᠶᠢ ᠴᠠᠰᠤ ᠰᠢᠭᠤᠷᠭᠠᠨ ᠤ ᠳᠤᠮᠳᠠᠭᠤᠷ ᠶᠠᠪᠤᠭᠤᠯᠵᠤ ᠠᠮᠤᠷ ᠲᠦᠪᠰᠢᠨ ᠢᠶᠠᠷ ᠰᠤᠷᠤᠭᠴᠢᠳ ᠢ ᠬᠠᠮᠠᠭᠠᠯᠠᠨ ᠰᠤᠷᠭᠠᠭᠤᠯᠢ ᠳᠤ ᠬᠦᠷᠭᠡᠨ᠎ᠡ
ᠨᠡᠶᠢᠲᠡᠯᠡᠭᠰᠡᠨ ᠴᠠᠭ᠄
2024/2/28
    ᠥᠴᠥᠭᠡᠳᠦᠷ ᠰᠥᠨᠢ ᠶᠢᠨ ᠴᠠᠰᠤ ᠣᠷᠣᠬᠤ ᠶᠢ ᠳᠠᠭᠠᠯᠳᠤᠨ᠂ ᠥᠷᠯᠥᠭᠡ ᠡᠷᠲᠡ ᠭᠠᠳᠠᠭᠰᠢ ᠭᠠᠷᠬᠤ ᠳᠤ ᠬᠦᠢᠲᠡᠨ ᠠᠭᠤᠷ ᠠᠮᠢᠰᠬᠤᠯ ᠲᠠᠢ ᠪᠠᠶᠢᠯ᠎ᠠ᠂ ᠭᠡᠲᠡᠯ᠎ᠡ ᠯᠦᠩ ᠶᠤᠸᠠᠨ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ ᠬᠠᠷᠢᠨ ᠪᠣᠯᠵᠤᠭ᠎ᠠ ᠶᠣᠰᠣᠭᠠᠷ ᠢᠶᠠᠨ ᠬᠦᠷᠴᠦ ᠢᠷᠡᠭᠡᠳ᠂ ᠬᠡᠳᠦᠨ ᠠᠷᠪᠠᠨ ᠰᠤᠷᠤᠭᠴᠢᠳ ᠤᠨ ᠰᠤᠷᠭᠠᠭᠤᠯᠢ ᠳᠤ ᠣᠷᠣᠬᠤ ᠪᠠ ᠪᠠᠭᠤᠬᠤ ᠵᠠᠮ ᠤᠨ ᠬᠠᠶᠢᠷ᠎ᠠ ᠬᠠᠯᠠᠮᠵᠢ ᠶᠢᠨ ᠪᠠᠲᠤᠯᠠᠭ᠎ᠠ ᠪᠣᠯᠤᠭᠰᠠᠨ ᠪᠠᠶᠢᠨ᠎ᠠ᠃ ᠬᠡᠷ ᠤᠨ ᠠᠬᠠᠮᠠᠳ ᠨᠠᠷ ᠄ ︽ᠦᠨᠡᠬᠡᠷ ᠴᠠᠭ ᠲᠤ ᠠᠷᠪᠢᠲᠠᠶ ᠪᠥᠭᠡᠳ ᠠᠮᠤᠷ ᠲᠦᠪᠰᠢᠨ ᠪᠠᠶᠢᠵᠤ᠂ ᠬᠡᠤᠬᠡᠳ ᠤᠳ ᠲᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠬᠡᠷ ᠤᠨ ᠠᠬᠠᠮᠠᠳ ᠪᠣᠯᠤᠭᠰᠠᠳ ᠢ ᠴᠤ ᠰᠠᠨᠠᠭ᠎ᠠ ᠠᠮᠤᠷ ᠪᠣᠯᠭᠠᠵᠤ᠂ ᠵᠠᠮ ᠳᠡᠭᠡᠷᠡᠬᠢ ᠠᠮᠤᠷ ᠲᠦᠪᠰᠢᠨ ᠤ ᠠᠰᠠᠭᠤᠳᠠᠯ ᠳᠤ ᠰᠠᠨᠠᠭ᠎ᠠ ᠵᠣᠪᠠᠭᠰᠠᠨ ᠤ ᠬᠡᠷᠡᠭ ᠥᠬᠡᠶ ᠪᠣᠯᠪᠠ︾ ᠭᠡᠵᠦ ᠬᠠᠷᠢᠭᠤ ᠲᠤᠰᠬᠠᠪᠠ᠃
C:\Users\Administrator\Desktop\新闻照片\20.jpg
    ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠭᠰᠡᠨ ᠰᠤᠷᠤᠭᠴᠢᠳ ᠤᠨ ᠡᠮᠦᠨ᠎ᠡ ᠠᠴᠠ᠂ ᠯᠦᠩ ᠶᠤᠸᠠᠨ ᠪᠠᠭ᠎ᠠ ᠲᠣᠭᠤᠷᠢᠭ ᠤᠨ ᠵᠠᠬᠢᠶᠠᠯᠠᠭ᠎ᠠ ᠶᠢᠨ ᠨᠡᠶᠢᠲᠡ ᠶᠢᠨ ᠮᠠᠰᠢᠨ ᠲᠡᠷᠭᠡ ᠨᠢ ᠡᠬᠢᠯᠡᠯᠲᠡ ᠶᠢᠨ ᠥᠷᠲᠡᠭᠡᠨ ᠳᠤ ᠬᠤᠣᠰ ᠲᠡᠷᠭᠡ ᠪᠠᠷ ᠬᠦᠯᠢᠶᠡᠬᠦ ᠵᠠᠭᠪᠤᠷ ᠢ ᠬᠡᠷᠡᠭᠯᠡᠵᠦ᠂ ᠰᠤᠷᠤᠭᠴᠢᠳ ᠢ ᠤᠷᠢᠳᠴᠢᠯᠠᠨ ᠲᠡᠷᠭᠡᠨ ᠳᠤ ᠭᠠᠷᠭᠠᠵᠤ᠂ ᠳᠤᠯᠠᠭᠠᠨ ᠪᠦᠯᠢᠶᠡᠨ ᠢᠶᠠᠷ ᠲᠡᠷᠭᠡ ᠬᠦᠯᠢᠶᠡᠯᠭᠡᠪᠡ᠃ ᠠᠮᠤᠷ ᠲᠦᠪᠰᠢᠨ ᠤ ᠠᠵᠢᠯᠲᠠᠳ ᠲᠡᠷᠭᠡᠨ ᠳᠣᠲᠣᠷᠠᠬᠢ ᠡᠮᠬᠢ ᠵᠢᠷᠤᠮ ᠪᠣᠯᠤᠨ ᠠᠮᠤᠷ ᠲᠦᠪᠰᠢᠨ ᠢ ᠢᠳᠡᠪᠬᠢᠲᠡᠶ ᠬᠠᠮᠠᠭᠠᠯᠠᠵᠤ᠂ ᠬᠡᠤᠬᠡᠳ ᠤᠳ ᠤᠨ ᠠᠮᠤᠷ ᠲᠦᠪᠰᠢᠨ ᠢᠶᠠᠷ ᠰᠤᠷᠭᠠᠭᠤᠯᠢ ᠳᠤ ᠣᠷᠣᠬᠤ ᠵᠠᠮ ᠢ ᠬᠠᠮᠲᠤ ᠪᠠᠷ ᠰᠠᠬᠢᠨ ᠬᠠᠮᠠᠭᠠᠯᠠᠨ᠎ᠠ᠃
C:\Users\Administrator\Desktop\新闻照片\21.jpg
    ᠨᠠᠷᠠ ᠮᠠᠨᠳᠤᠬᠤ ᠳᠤ ᠴᠤ ᠲᠡᠷᠡ᠂ ᠰᠥᠨᠢ ᠶᠢᠨ ᠬᠠᠷᠠᠩᠭᠤᠢ ᠳᠤ ᠴᠤ ᠲᠡᠷᠡ᠂ ᠵᠠᠬᠢᠶᠠᠯᠠᠭ᠎ᠠ ᠶᠢᠨ ᠨᠡᠶᠢᠲᠡ ᠶᠢᠨ ᠮᠠᠰᠢᠨ ᠲᠡᠷᠭᠡ ᠴᠥᠮ ᠯᠦᠩ ᠶᠤᠸᠠᠨ ᠪᠠᠭ᠎ᠠ ᠲᠣᠭᠤᠷᠢᠭ ᠤᠨ ᠰᠤᠷᠤᠭᠴᠢᠳ ᠤᠨ ᠰᠤᠷᠭᠠᠭᠤᠯᠢ ᠳᠤ ᠰᠠᠭᠤᠬᠤ ᠪᠠ ᠭᠡᠷ ᠲᠡᠭᠡᠨ ᠬᠠᠷᠢᠬᠤ ᠵᠠᠮ ᠢ ᠡᠶᠡᠯᠳᠡᠭ ᠢᠶᠠᠷ ᠬᠠᠮᠠᠭᠠᠯᠠᠵᠤ ᠪᠠᠶᠢᠳᠠᠭ᠂ ᠡᠨᠡᠬᠦ ᠬᠠᠯᠠᠭᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠨᠢ ᠰᠤᠷᠤᠭᠴᠢᠳ ᠪᠣᠯᠤᠨ ᠭᠡᠷ ᠤᠨ ᠠᠬᠠᠮᠠᠳ ᠲᠤ ᠤᠷᠢᠬᠠᠨ ᠬᠠᠪᠤᠷ ᠤᠨ ᠬᠠᠶᠢᠷ᠎ᠠ ᠬᠠᠯᠠᠮᠵᠢ ᠶᠢ ᠠᠪᠴᠢᠷᠠᠵᠤ ᠥᠭᠴᠡᠢ᠃ ᠲᠠᠷᠠᠭᠠᠴᠢ ᠶᠢᠨ ᠠᠯᠬᠤᠮ ᠳᠤ᠂ ᠯᠦᠩ ᠢᠦᠶ ᠭᠡᠷ ᠬᠤᠷᠢᠶᠠᠯᠠᠯ ᠤᠨ ᠬᠢᠨ ᠲᠡᠷᠭᠡᠨ ᠳᠤ ᠰᠠᠭᠤᠬᠤ ᠰᠤᠷᠤᠭᠴᠢᠳ ᠤᠨ ᠠᠮᠤᠷ ᠲᠦᠪᠰᠢᠨ ᠤ ᠲᠥᠬᠦᠮ ᠨᠥᠬᠦᠴᠡᠯ ᠢ ᠪᠠᠲᠤᠯᠠᠬᠤ ᠶᠢᠨ ᠬᠠᠮᠲᠤ ᠰᠤᠷᠭᠠᠭᠤᠯᠢ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠠᠢ ᠲᠠᠰᠤᠷᠠᠯᠲᠠ ᠥᠬᠡᠶ ᠨᠡᠪᠲᠡᠷᠡᠯᠴᠡᠨ ᠵᠣᠬᠢᠴᠠᠭᠤᠯᠵᠤ᠂ ᠵᠠᠬᠢᠶᠠᠯᠠᠨ ᠦᠢᠯᠡᠳᠦᠭᠰᠡᠨ ᠨᠡᠶᠢᠲᠡ ᠶᠢᠨ ᠮᠠᠰᠢᠨ ᠲᠡᠷᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠡᠭᠡᠨᠴᠢᠷ ᠰᠠᠶᠢᠬᠠᠨ ︽ᠰᠤᠷᠭᠠᠨ ᠬᠥᠮᠦᠵᠢᠯ ᠤᠨ ᠲᠤᠰᠬᠠᠶ ᠱᠤᠭᠤᠮ︾᠎ ᠢ ᠪᠣᠶ ᠪᠣᠯᠭᠠᠬᠤ ᠪᠠᠷ ᠴᠢᠷᠮᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号