ᠴᠠᠭᠠᠨ ᠰᠠᠷ᠎ᠠ ᠶᠢᠨ ᠲᠣᠬᠤᠨᠢᠭᠤᠯᠤᠯ ᠬᠥᠮᠦᠰ ᠤᠨ ᠰᠡᠳᠬᠢᠯ ᠢ ᠳᠤᠯᠠᠭᠠᠴᠠᠭᠤᠯᠵᠤ  ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠦᠨᠡᠨ ᠰᠡᠳᠬᠢᠯ ᠢᠯᠡᠷᠡᠨ᠎ᠡ— ᠬᠤᠶᠠᠷᠬᠤᠳᠳᠤᠭ ᠶᠢᠨ ᠬᠢᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/2/8
    ᠵᠢᠯ ᠤᠨ ᠡᠴᠦᠰ ᠪᠣᠯᠬᠤ ᠳᠤ ᠲᠩᠷᠢ ᠬᠦᠢᠲᠡᠷᠡᠵᠦ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠨ᠎ᠡ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠠᠯᠠᠭᠤᠨ ᠳᠤᠯᠠᠭᠠᠨ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠬᠤᠶᠠᠷᠬᠤᠳᠳᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭᠠᠨ ᠰᠠᠷ᠎ᠠ ᠠᠴᠠ ᠡᠮᠦᠨ᠎ᠡ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠥᠭᠡᠯ ᠳᠡᠪᠰᠢᠭᠦᠯᠵᠦ ᠪᠠᠶᠢᠨ᠎ᠠ᠃    ᠪᠠᠯᠭᠠᠰᠤᠨ ᠤ ᠡᠯ᠎ᠡ ᠲᠣᠰᠬᠤᠨ ᠤ ᠤᠳᠤᠷᠢᠳᠤᠯᠭ᠎ᠠ ᠪᠣᠯᠤᠨ ᠺᠠᠳ᠋ᠷ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠡᠷᠬᠢᠨ ᠦᠵᠡᠵᠦ ᠲᠣᠬᠤᠨᠢᠭᠤᠯᠵᠤ᠂ ᠬᠠᠪᠰᠤᠷᠤᠨ ᠲᠡᠳᠬᠦᠬᠦ ᠠᠵᠢᠯ ᠢ ᠴᠢᠳᠠᠬᠤ ᠶᠢᠨ ᠬᠢᠷᠢ ᠪᠠᠷ ᠰᠠᠶᠢᠲᠤᠷ ᠬᠢᠵᠡᠢ᠃ ᠨᠡᠶᠢᠲᠡ 70 ᠶᠠᠳᠠᠭᠤ ᠬᠦᠴᠢᠷᠳᠡᠯᠲᠡᠶ ᠵᠡᠮᠳᠡᠭ ᠬᠥᠮᠦᠨ᠂ 20 ᠣᠨᠴᠠ ᠬᠦᠴᠢᠷᠳᠡᠯᠲᠡᠶ ᠲᠠᠷᠠᠬᠠᠶ ᠪᠤᠲᠠᠷᠬᠠᠶ ᠬᠥᠮᠦᠨ᠂ 60 ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ 1 ᠣᠷᠣᠯᠭ᠎ᠠ ᠪᠠᠭᠠᠲᠠᠶ ᠬᠡᠷ ᠪᠦᠯᠢ᠂ 24 ᠬᠦᠴᠢᠷᠳᠡᠯᠲᠡᠶ ᠬᠡᠤᠬᠡᠳ᠂ ᠠᠵᠤ ᠠᠬᠤᠶ ᠶᠢᠨ ᠲᠠᠯ᠎ᠠ ᠪᠠᠷ ᠬᠦᠴᠢᠷᠳᠡᠯ ᠲᠠᠢ᠂ ᠴᠢᠳᠠᠪᠤᠷᠢ ᠪᠠᠨ ᠠᠯᠳᠠᠭᠰᠠᠨ ᠨᠠᠰᠤᠲᠠᠨ 4 ᠬᠥᠮᠦᠨ ᠢ ᠰᠤᠷᠪᠤᠯᠵᠢᠯᠠᠨ ᠲᠣᠬᠤᠨᠢᠭᠤᠯᠪᠠ᠃    ᠬᠠᠯᠠᠭᠤᠨ ᠳᠣᠲᠣᠨᠣ ᠪᠠᠷ ᠠᠶᠢᠯᠴᠢᠯᠠᠨ ᠲᠣᠬᠤᠨᠢᠭᠤᠯᠵᠤ᠂ ᠺᠠᠳ᠋ᠷ ᠣᠯᠠᠨ ᠲᠦᠮᠡᠨ ᠤ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠯᠦᠭᠡ ᠶᠢᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ᠂ ᠲᠡᠳᠡᠨ ᠳᠤ ᠬᠠᠬᠢᠷ ᠬᠦᠢᠲᠡᠨ ᠡᠪᠦᠯ ᠤᠨ ᠤᠯᠠᠷᠢᠯ ᠳᠤ ᠭᠦᠨ ᠵᠤᠵᠠᠭᠠᠨ ᠬᠠᠯᠠᠭᠤᠨ ᠰᠡᠳᠬᠢᠯ ᠢ ᠮᠡᠳᠡᠷᠡᠭᠦᠯᠦᠭᠰᠡᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号