ᠪᠦᠷᠢᠶ᠎ᠡ ᠪᠠᠷ ᠪᠦᠬᠦᠨ ᠢ ᠪᠥᠷᠬᠦᠵᠤ  ᠠᠮᠤᠷ ᠲᠦᠪᠰᠢᠨ ᠴᠢᠬᠢᠨ ᠤ ᠬᠠᠵᠠᠭᠤ ᠳᠤ ᠪᠠᠶᠢᠨ᠎ᠠ
ᠨᠡᠶᠢᠲᠡᠯᠡᠭᠰᠡᠨ ᠴᠠᠭ᠄
2024/2/8
C:\Users\Administrator\Desktop\新闻照片\1.jpg
    2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠵᠢᠦ ᠶᠤᠸᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠨᠡᠩ ᠰᠠᠶᠢᠨ ᠬᠠᠮᠠᠭᠠᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠬᠥᠮᠦᠨ ᠠᠮᠠ ᠶᠢᠨ ᠤᠷᠤᠰᠬᠠᠯ ᠤᠨ ᠬᠡᠮᠵᠢᠶ᠎ᠡ ᠶᠡᠭᠡ᠂ ᠬᠥᠮᠦᠨ ᠬᠠᠷ᠎ᠠ ᠴᠤᠭᠯᠠᠷᠠᠭᠰᠠᠨ ᠬᠥᠨᠳᠡᠯᠡᠨ ᠭᠤᠯᠳᠤ ᠵᠡᠭᠡᠯᠢ ᠳᠤ ᠡᠭᠦᠯᠡᠨ ᠪᠦᠷᠢᠶ᠎ᠡ ᠤᠭᠰᠠᠷᠠᠵᠤ᠂ ᠬᠥᠨᠳᠡᠯᠡᠨ ᠭᠤᠯᠳᠤ ᠵᠡᠭᠡᠯᠢ ᠶᠢᠨ ᠬᠠᠮᠢᠶᠠᠷᠤᠯᠲᠠ ᠶᠢᠨ ᠨᠢᠭᠡᠴᠡ ᠶᠢᠨ ᠪᠦᠷᠢᠶ᠎ᠡ ᠲᠠᠢ ᠤᠶᠠᠯᠳᠤᠭᠤᠯᠵᠤ᠂ ᠪᠦᠷᠢᠶ᠎ᠡ ᠶᠢᠨ ᠳᠠᠭᠤᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠦᠷᠬᠦᠭᠦᠯᠬᠦ ᠶᠢ ᠴᠢᠨᠠᠭᠰᠢᠳᠠ ᠪᠡᠶᠡᠯᠡᠭᠦᠯᠵᠦ᠂ ᠬᠥᠮᠦᠨ ᠤᠯᠠᠨ ᠦᠶ᠎ᠡ ᠳᠤ ᠰᠡᠷᠡᠮᠵᠢᠯᠡᠭᠦᠯᠦᠨ ᠰᠠᠨᠠᠭᠤᠯᠬᠤ ᠶᠢ ᠰᠣᠨᠣᠰᠴᠤ᠂ ᠪᠠᠴᠢᠮ ᠪᠠᠶᠢᠳᠠᠯ ᠢ ᠶᠡᠭᠡ ᠬᠡᠪᠴᠢᠶ᠎ᠡ ᠪᠠᠷ ᠨᠡᠪᠲᠡᠷᠡᠭᠦᠯᠵᠦ ᠪᠣᠯᠤᠨ᠎ᠠ᠃    ᠵᠢᠦ ᠶᠤᠸᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠠᠰᠤᠭ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠠᠷᠢᠨ ᠬᠢᠨᠠᠮᠠᠭᠠᠶ ᠪᠣᠳᠣᠯᠬᠢᠯᠠᠨ᠂ ᠠᠷᠠᠳ ᠢ ᠦᠢᠮᠡᠭᠦᠯᠬᠦ ᠥᠬᠡᠶ ᠤᠷᠢᠲᠠᠯ ᠳᠣᠤᠷ᠎ᠠ ᠪᠦᠷᠢᠶ᠎ᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠮᠤᠭ ᠡᠴᠦᠰ ᠲᠤ ᠪᠠᠨ ᠠᠷᠪᠠᠨ ᠬᠤᠶᠠᠷ ᠬᠠᠮᠤᠭ ᠤᠨ ᠰᠠᠶᠢᠨ ᠤᠭᠰᠠᠷᠠᠬᠤ ᠴᠡᠭ ᠢ ᠲᠣᠭᠲᠠᠭᠠᠵᠤ᠂ ᠬᠦᠨᠳᠡᠯᠡᠨ ᠭᠤᠯᠳᠤ ᠵᠡᠭᠡᠯᠢ ᠶᠢᠨ ᠬᠠᠮᠢᠶᠠᠷᠤᠯᠲᠠ ᠶᠢᠨ ᠨᠢᠭᠡᠴᠡ ᠶᠢᠨ ᠪᠦᠷᠢᠶ᠎ᠡ ᠲᠠᠢ ᠤᠶᠠᠯᠳᠤᠭᠤᠯᠤᠨ ᠲᠠᠭᠤᠨ ᠢ ᠪᠥᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ ᠬᠢᠨᠠᠨ ᠪᠠᠶᠢᠴᠠᠭᠠᠬᠤ ᠭᠠᠵᠠᠷ ᠤᠨ ᠤᠭᠰᠠᠷᠠᠬᠤ ᠠᠵᠢᠯᠲᠠᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ ᠠᠮᠤᠷ ᠲᠦᠪᠰᠢᠨ ᠪᠠᠶᠢᠬᠤ ᠶᠢ ᠪᠠᠲᠤᠯᠠᠬᠤ ᠶᠢᠨ ᠬᠠᠮᠲᠤ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠥᠨᠳᠡᠯᠡᠨ ᠭᠤᠯᠳᠤ ᠵᠡᠭᠡᠯᠢ ᠶᠢᠨ ᠴᠠᠭᠠᠨ ᠰᠠᠷ᠎ᠠ ᠶᠢᠨ ᠬᠥᠮᠦᠰ ᠤᠨ ᠤᠷᠤᠰᠬᠠᠯ ᠤᠨ ᠬᠡᠮᠵᠢᠶ᠎ᠡ ᠠᠭᠠᠵᠢᠮ ᠢᠶᠠᠷ ᠶᠡᠬᠡᠳᠬᠦ ᠠᠴᠠ ᠡᠮᠦᠨ᠎ᠡ ᠪᠦᠬᠦᠨ ᠢ ᠤᠭᠰᠠᠷᠠᠵᠤ᠂ ᠪᠠᠶᠢᠴᠠᠭᠠᠨ ᠰᠢᠯᠭᠠᠵᠤ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ︕   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号