ᠸᠢᠴᠠᠲ ᠤᠨ ᠴᠢᠬᠤᠯᠠ ᠠᠯᠪᠠᠨ ᠵᠠᠷ︕ ︽ᠣᠯᠵᠤ ᠮᠡᠳᠡᠪᠡᠯ ᠪᠠᠷᠢᠨ ᠲᠤᠤᠷ᠎ᠠ ᠨᠢ ᠤᠰᠠᠳᠬᠠᠵᠤ ᠬᠠᠶᠠ︾
ᠨᠡᠶᠢᠲᠡᠯᠡᠭᠰᠡᠨ ᠴᠠᠭ᠄
2024/3/15
    ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠤᠨ ᠮᠡᠳᠡᠭᠡ ᠵᠠᠩᠭᠢ ᠨᠡᠶᠢᠲᠡᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠸᠢᠴᠠᠲ ᠤᠨ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠵᠢᠴᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠶᠠᠮᠠᠷᠪᠠ ᠬᠡᠯᠪᠡᠷᠢ ᠪᠠᠷ ᠡᠯ᠎ᠡ ᠲᠥᠷᠥᠯ ᠤᠨ ᠴᠠᠭᠠᠵᠠᠲᠠᠶ ᠡᠳ᠋ ᠬᠤᠳᠠᠯᠳᠤᠬᠤ ᠮᠡᠳᠡᠭᠡ ᠵᠠᠩᠭᠢ ᠶᠢ ᠨᠡᠶᠢᠲᠡᠯᠡᠬᠦ᠂ ᠳᠡᠯᠭᠡᠨ ᠦᠵᠡᠭᠦᠯᠬᠦ᠂ ᠲᠠᠮᠵᠢᠭᠤᠯᠤᠨ ᠲᠠᠷᠬᠠᠭᠠᠬᠤ ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠢ ᠸᠢᠴᠠᠲ ᠤᠨ ᠪᠦᠯᠬᠦᠮ ᠨᠢ ᠴᠥᠮ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠵᠢᠴᠢ ︽ᠲᠸᠡᠭ ᠰᠢᠶᠦ᠋ᠨ ᠸᠢᠴᠠᠲ ᠤᠨ ᠵᠥᠭᠡᠯᠡᠨ ᠲᠣᠨᠤᠭ ᠤᠨ ᠵᠥᠪᠰᠢᠶᠡᠷᠡᠯ ᠵᠢᠴᠢ ᠦᠢᠯᠡᠴᠢᠯᠡᠭᠡᠨ ᠤ ᠵᠥᠪᠯᠡᠯᠴᠡᠭᠡᠷ︾᠂ ︽ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠢ ᠬᠡᠷᠡᠭᠯᠡᠬᠦ ᠵᠢᠷᠤᠮᠵᠢᠯ︾᠎ ᠤᠨ ᠲᠣᠭᠲᠠᠭᠠᠯ ᠶᠣᠰᠣᠭᠠᠷ᠂ ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠤᠨ ᠬᠦᠨᠳᠦ ᠶᠢᠨ ᠬᠡᠮᠵᠢᠶ᠎ᠡ ᠶᠢ ᠨᠢ ᠦᠵᠡᠵᠦ ᠪᠠᠶᠢᠭᠠᠳ ᠱᠠᠲᠤᠯᠢᠭ ᠬᠡᠯᠪᠡᠷᠢ ᠪᠠᠷ ᠰᠢᠢᠳᠭᠡᠨ ᠲᠣᠷᠭᠠᠨ᠎ᠡ᠄ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠶᠢ ᠣᠯᠵᠤ ᠮᠡᠳᠡᠪᠡᠯ ᠪᠠᠷᠢᠨ ᠲᠤᠤᠷ᠎ᠠ ᠨᠢ ᠤᠰᠠᠳᠬᠠᠵᠤ ᠬᠠᠶᠠᠬᠤ ᠬᠡᠷᠡᠭᠲᠡᠶ︔     ᠲᠣᠭᠲᠠᠭᠠᠯ ᠠᠴᠠ ᠵᠥᠷᠢᠴᠡᠭᠰᠡᠨ ᠲᠠᠩᠰᠠᠨ ᠨᠣᠮᠧᠷ ᠢ ᠦᠢᠯᠡ ᠪᠠᠶᠢᠳᠠᠯ ᠢ ᠨᠢ ᠦᠵᠡᠵᠦ ᠪᠠᠶᠢᠭᠠᠳ ᠲᠣᠰ ᠸᠢᠴᠠᠲ ᠤᠨ ᠲᠠᠩᠰᠠᠨ ᠨᠣᠮᠧᠷ ᠲᠤ ᠳᠣᠩᠭᠤᠳᠬᠤ᠂ ᠬᠡᠰᠡᠭ ᠪᠤᠶᠤ ᠪᠥᠬᠦ ᠴᠢᠳᠠᠮᠵᠢ᠂ ᠲᠠᠩᠰᠠᠨ ᠨᠣᠮᠧᠷ ᠢ ᠬᠡᠷᠡᠭᠯᠡᠬᠦ ᠶᠢ ᠬᠢᠵᠠᠭᠠᠷᠯᠠᠬᠤ ᠪᠤᠶᠤ ᠴᠠᠭᠠᠵᠠᠯᠠᠬᠤ ᠵᠢᠴᠢ ᠥᠨᠢᠳᠡ ᠪᠢᠲᠡᠭᠦᠮᠵᠢᠯᠡᠬᠦ ᠰᠢᠢᠳᠭᠡᠯ ᠲᠤᠷᠭᠠᠭᠤᠯᠢ ᠶᠠᠪᠤᠭᠤᠯᠤᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号