ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠵᠢᠦ ᠶᠤᠸᠠᠨ ᠲᠣᠭᠤᠷᠢᠭ ᠤᠨ 2023 - 2024 ᠣᠨ ᠤ  ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/15
            ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ          ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠵᠢᠦ ᠶᠤᠸᠠᠨ          ᠲᠣᠭᠤᠷᠢᠭ ᠤᠨ 2023 - 2024 ᠣᠨ ᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ          ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ ︾          ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠄    ᠮᠠᠨ ᠤ ᠲᠤᠭᠤᠷᠢᠭ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ︽ᠵᠢᠦ ᠶᠤᠸᠠᠨ ᠲᠣᠭᠤᠷᠢᠭ ᠤᠨ 2023 - 2024 ᠣᠨ ᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃            ᠵᠢᠦ ᠶᠤᠸᠠᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                 2024 ᠣᠨ ᠤ 3 ᠰᠠᠷ᠎ᠠ ᠶᠢᠨ 15 ᠤ ᠡᠳᠦᠷ            ᠵᠢᠦ ᠶᠤᠸᠠᠨ ᠲᠣᠭᠤᠷᠢᠭ ᠤᠨ 2023 - 2024 ᠣᠨ ᠤ ᠵᠤᠯᠤᠮ᠎ᠠ  ᠪᠦᠷᠬᠦᠪᠴᠢ ᠶᠢ ᠰᠢᠨᠵᠢᠯᠡᠬᠦ            ᠤᠬᠠᠭᠠᠨᠴᠢ ᠪᠠᠷ‌‍ᠬᠡᠷᠡᠭᠯᠡᠵᠦ   ᠡᠭᠡᠭᠦᠯᠦᠨ   ᠬᠤᠷᠢᠶᠠᠬᠤ    ᠲᠤᠷᠰᠢᠯᠲᠠ   ᠶᠢᠨ   ᠴᠡᠭ   ᠤᠨ             ᠠᠵᠢᠯ  ᠤᠨ  ᠬᠡᠷᠡᠭᠵᠢᠭᠦᠯᠬᠦ  ᠲᠥᠰᠦᠯ    ︽ᠪᠤᠭᠤᠲᠤ ᠬᠤᠲᠠ  ᠶᠢᠨ 2023 - 2024 ᠣᠨ ᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ︵  ᠪᠤᠭᠤᠳᠤ ᠲᠠᠷᠢᠶᠠᠯᠠᠩ ᠲᠠᠷᠬᠠᠭᠠᠭᠰᠠᠨ ﹇2023﹈ 206 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠵᠤᠯᠤᠮ᠎ᠠ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ ︶ ᠢ ᠲᠤᠤᠱᠯᠠᠭᠤᠯᠤᠨ ᠬᠡᠷᠡᠭᠵᠢᠭᠦᠯᠵᠦ᠂ 2023 - 2024 ᠣᠨ ᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃    ᠨᠢᠭᠡ᠂ ᠵᠣᠷᠢᠯᠭ᠎ᠠ  ᠪᠠ ᠠᠴᠢ ᠬᠤᠯᠪᠣᠭᠳᠠᠯ    ︽ᠴᠠᠭᠠᠨ ᠪᠣᠬᠢᠷᠲᠤᠯ︾ ᠢ ᠬᠦᠴᠦᠯᠡᠨ ᠵᠠᠰᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ᠂ ᠮᠠᠨ ᠤ ᠲᠤᠭᠤᠷᠢᠭ ᠤᠨ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂  ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠ ᠬᠠᠤᠯᠢ ᠲᠣᠭᠲᠠᠭᠠᠯ ᠢᠶᠠᠷ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠴᠤ ᠰᠢᠢᠳᠪᠦᠷᠢᠯᠡᠬᠦ ᠶᠢ  ᠵᠡᠷᠭᠡᠪᠡᠷ ᠴᠢᠬᠤᠯᠠᠴᠢᠯᠠᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ ᠵᠡᠷᠭᠡᠪᠡᠷ ᠴᠢᠬᠤᠯᠠᠴᠢᠯᠠᠵᠤ᠂ ᠳᠠᠬᠢᠨ ᠠᠰᠢᠭᠯᠠᠬᠤ ᠪᠠ ᠬᠤᠣᠷ ᠦᠭᠡᠢ  ᠪᠣᠯᠭᠠᠨ ᠰᠢᠢᠳᠪᠦᠷᠢᠯᠡᠬᠦ ᠶᠢ ᠵᠡᠷᠭᠡᠪᠡᠷ ᠠᠬᠢᠭᠤᠯᠤᠨ᠂ ᠪᠦᠬᠦ  ᠲᠤᠭᠤᠷᠢᠭ ᠤᠨ  ᠵᠤᠯᠤᠮ᠎ᠠ ᠪᠦᠷᠬᠦᠪᠴᠢ ᠶᠢᠨ ᠲᠠᠯᠠᠪᠠᠢ ᠪᠠᠷ ᠨᠡᠯᠢᠶᠡᠳ ᠶᠡᠭᠡ ᠪᠠᠶᠢᠭ᠎ᠠ ᠲᠠᠪᠤᠨ ᠰᠤᠮᠤ ᠪᠠᠯᠭᠠᠰᠤ᠂ ᠵᠡᠭᠡᠯᠢ ᠭᠤᠳᠤᠮᠵᠢ ᠳᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ ᠶᠢ ᠰᠢᠯᠭᠠᠨ ᠦᠨᠡᠯᠡᠬᠦ ᠠᠵᠢᠯ ᠢ ᠥᠷᠨᠢᠭᠦᠯᠵᠦ᠂ ᠬᠠᠶᠠᠭᠳᠠᠮᠠᠯ ᠬᠠᠭᠤᠴᠢᠨ ᠵᠤᠯᠤᠮ᠎ᠠ  ᠪᠦᠷᠬᠦᠪᠴᠢ ᠶᠢᠨ ᠪᠣᠬᠢᠷᠲᠤᠯ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃    ᠬᠤᠶᠠᠷ᠂ ᠬᠠᠷᠠᠯᠲᠠ ᠶᠢᠨ ᠡᠭᠦᠷᠭᠡ    2024 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡ ᠳᠤ  ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 5.5 ᠲᠦᠮᠡᠨ ᠮᠦ ᠵᠤᠯᠤᠮ᠎ᠠ ᠪᠦᠷᠬᠦᠪᠴᠢ ᠶᠢ ᠵᠤᠵᠠᠭᠠᠷᠠᠭᠤᠯᠵᠤ᠂ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ ᠶᠢ 0.2 ᠲᠦᠮᠡᠨ ᠮᠦ ᠬᠡᠷᠡᠭᠯᠡᠬᠦ ᠶᠢ ᠳᠡᠯᠭᠡᠷᠡᠭᠦᠯᠵᠦ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 85% ᠳᠤ ᠬᠦᠷᠦᠭᠦᠯᠦᠨ᠎ᠡ︔ ᠬᠤᠶᠠᠷ ᠲᠤ   ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ ᠶᠢ ᠬᠠᠷᠢᠴᠠᠭᠤᠯᠤᠨ ᠰᠢᠯᠭᠠᠨ ᠨᠤᠲᠠᠯᠠᠵᠤ ᠦᠨᠡᠯᠡᠬᠦ ᠲᠤᠷᠰᠢᠯᠲᠠ ᠪᠠ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃    ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠵᠤᠵᠠᠭᠠᠷᠠᠭᠤᠯᠦᠭ᠌ᠰᠠᠨ  ᠡᠷᠴᠢ ᠶᠡᠬᠡᠳᠡᠢ ᠵᠤᠯᠤᠮ᠎ᠠ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠬᠡᠷᠡᠭᠯᠡᠨ᠎ᠡ᠃    ᠲᠣᠬᠢᠷᠠᠭᠰᠠᠨ ᠲᠠᠷᠢᠮᠠᠯ᠂ ᠲᠣᠬᠢᠷᠠᠮᠵᠢᠲᠠᠢ ᠣᠷᠣᠨ ᠪᠦᠰᠡ ᠶᠢ ᠰᠣᠩᠭᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠡᠯᠭᠡᠷᠡᠭᠦᠯᠦᠨ ᠬᠡᠷᠡᠭᠯᠡᠬᠦ ᠴᠢᠳᠠᠮᠵᠢ ᠶᠢᠨ ᠭᠦᠢᠴᠡᠳᠬᠡᠯ ᠲᠤᠭ᠎ᠠ  ᠨᠢ ᠤᠯᠤᠰ ᠤᠨ ᠠᠯᠪᠠᠳᠠᠯᠭ᠎ᠠ ᠶᠢᠨ ᠪᠠᠷᠢᠮᠵᠢᠶ᠎ᠠ ︵GB13735 - 2017︶ ᠠᠴᠠ ᠦᠨᠳᠦᠷ ᠪᠠᠶᠢᠳᠠᠭ ᠵᠤᠵᠠᠭᠠᠷᠠᠭᠤᠯᠦᠭ᠌ᠰᠠᠨ  ᠶᠡᠭᠡ ᠡᠷᠴᠢᠳᠡᠢ ᠵᠤᠯᠤᠮ᠎ᠠ ᠪᠦᠷᠬᠦᠪᠴᠢ ᠶᠢ ᠬᠡᠷᠡᠭᠯᠡᠵᠦ᠂ ᠬᠡᠷᠡᠭᠯᠡᠬᠦ ᠴᠠᠭ ᠪᠠ ᠬᠦᠴᠦᠨ ᠤᠬᠠᠭᠠᠨ ᠤ ᠴᠢᠳᠠᠮᠵᠢ ᠶᠢᠨ ᠭᠦᠢᠴᠡᠳᠬᠡᠯ ᠲᠤᠭ᠎ᠠ  ᠨᠢ ᠤᠯᠤᠰ ᠤᠨ ᠠᠯᠪᠠᠳᠠᠯᠭ᠎ᠠ ᠶᠢᠨ ᠪᠠᠷᠢᠮᠵᠢᠶᠠᠨ ᠤ ᠳᠣᠲᠣᠷᠠᠬᠢ I ᠲᠥᠷᠥᠯ ᠤᠨ ᠬᠠᠭᠤᠴᠢᠷᠠᠬᠤ ᠳᠤ ᠲᠡᠰᠪᠦᠷᠢᠲᠡᠢ  ᠵᠤᠯᠤᠮ᠎ᠠ ᠪᠦᠷᠬᠦᠪᠴᠢ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠦᠢᠯᠡᠳᠬᠦᠨ ᠤ ᠲᠦᠭᠦᠬᠡᠢ ᠮᠠᠲ᠋ᠧᠷᠢᠶᠠᠯ  ᠳᠤ  ᠲᠡᠭᠢᠨᠳᠡ ᠦᠢᠯᠡᠳᠦᠭᠰᠡᠨ ᠡᠳ᠋ ᠣᠷᠣᠭᠤᠯᠬᠤ ᠪᠠ  ᠭᠡᠷᠡᠭᠯᠡᠬᠦ ᠶᠢ ᠤᠯᠤᠰ ᠠᠴᠠ ᠲᠣᠳᠤᠷᠬᠠᠢ  ᠴᠠᠭᠠᠵᠠᠯᠠᠭᠰᠠᠨ᠂  ᠤᠷᠭᠤᠴᠠ ᠳᠤ  ᠠᠰᠢᠭ ᠦᠭᠡᠢ ᠂  ᠬᠦᠷᠦᠰᠦ ᠰᠢᠷᠤᠢ ᠳᠤ ᠬᠤᠤᠷᠳᠠᠢ ᠲᠤᠰᠠᠯᠠᠬᠤ ᠡᠮ ᠬᠡᠷᠡᠭᠯᠡᠬᠦ ᠶᠢ ᠬᠤᠷᠢᠭᠯᠠᠨ᠎ᠠ︔ ᠶᠡᠷᠦᠩᠬᠡᠢ ᠦᠨᠡᠰᠦ ᠶᠢ ᠨᠢ 0.5% ᠶᠢᠨ ᠳᠣᠲᠣᠷ᠎ᠠ ᠬᠢᠵᠠᠭᠠᠷᠯᠠᠨ᠎ᠠ︔ ᠦᠢᠯᠡᠳᠬᠦᠨ ᠤ ᠭᠠᠳᠠᠷ ᠪᠠᠶᠢᠳᠠᠯ ᠨᠢ ᠬᠡᠷᠡᠭᠯᠡᠬᠦ ᠶᠢ ᠨᠦᠯᠦᠭᠡᠯᠡᠭᠰᠡᠨ ᠬᠡᠢ ᠴᠥᠪᠥᠷᠢᠭᠦᠦ᠂  ᠬᠤᠯᠢᠳᠠᠰᠤ᠂  ᠰᠢᠷᠭᠡᠭᠯᠢᠭ᠂ ᠠᠲᠤᠷᠢᠶ᠎ᠠ ᠂ ᠴᠣᠭᠤᠷᠠᠭᠰᠠᠨ  ᠨᠦᠬᠡ ᠵᠡᠷᠭᠡ ᠳᠤᠲᠠᠭᠳᠠᠯ ᠲᠠᠢ ᠲᠠᠯ᠎ᠠ ᠪᠠᠶᠢᠵᠤ ᠪᠣᠯᠬᠤ ᠦᠭᠡᠢ᠂ ᠪᠦᠷᠬᠦᠭᠦᠯ ᠤᠨ ᠡᠪᠬᠡᠮᠡᠯ ᠨᠢ ᠲᠡᠭᠰᠢ ᠪᠥᠭᠡᠳ ᠢᠯᠡᠷᠬᠡᠢ ᠰᠢᠷᠪᠥᠰᠥ ᠭᠠᠷᠴᠤ ᠪᠣᠯᠬᠤ ᠦᠭᠡᠢ ᠃  ᠠᠰᠢᠭᠯᠠᠮᠵᠢ ᠶᠢᠨ ᠬᠤᠭᠤᠴᠠᠭ᠎ᠠ ᠨᠢ180 ᠡᠳᠦᠷ  ︵180 ᠡᠳᠦᠷ  ᠪᠠᠭᠲᠠᠭᠳᠠᠨ᠎ᠠ︶ ᠠᠴᠠ  ᠲᠡᠭᠡᠭᠡᠰᠢ ᠪᠠᠶᠢᠵᠤ᠂  ᠬᠦᠴᠦᠨ ᠤᠬᠠᠭᠠᠨ ᠤ ᠴᠢᠳᠠᠪᠤᠷᠢ ᠳᠡᠭᠡᠷ ᠎ᠡ᠂ ᠲᠠᠲᠠᠵᠤ  ᠴᠢᠩᠭᠠᠭᠠᠬᠤ ᠳᠠᠭᠠᠭᠠᠴᠠ ︵ᠬᠦᠨᠳᠡᠯᠡᠨ ᠢᠶᠠᠷ᠂ ᠭᠤᠯᠳᠤ ᠪᠠᠷ︶2.2N ᠠᠴᠠ ᠲᠡᠭᠡᠭᠡᠰᠢ ︵ᠪᠤᠶᠤ2.2N︶︔   ᠲᠠᠰᠤᠳᠠᠬᠤ ᠲᠠᠰᠪᠤᠷᠢ ︵ᠭᠤᠯᠳᠤ ᠪᠠ ᠬᠥᠨᠳᠡᠯᠡᠨ ᠲᠠᠯ᠎ᠠ︶ 300  % ᠠᠴᠠ ᠲᠡᠭᠡᠭᠡᠰᠢ ︵ᠪᠤᠶᠤ 300  %︶᠂  ᠲᠡᠭᠰᠢ ᠦᠨᠴᠦᠭᠲᠦ ᠰᠠᠷᠨᠢᠯᠲᠠ ᠶᠢᠨ ᠳᠠᠭᠠᠭᠠᠴᠠ ︵ᠬᠦᠨᠳᠡᠯᠡᠨ ᠪᠠ ᠭᠤᠯᠳᠤ ᠲᠠᠯ᠎ᠠ︶1.2N ᠠᠴᠠ ᠲᠡᠭᠡᠭᠡᠰᠢ ︵ᠪᠤᠶᠤ1.2N︶︔  ᠠᠭᠤᠷ ᠠᠮᠢᠰᠬᠤᠯ ᠤᠨ ᠬᠤᠪᠢᠷᠠᠯᠳᠠ ᠶᠢ ᠲᠡᠰᠪᠦᠷᠢᠯᠡᠬᠦ ᠴᠢᠳᠠᠪᠬᠢ ᠪᠠᠷ ᠂ ᠬᠠᠭᠤᠴᠢᠷᠠᠭᠰᠠᠨ ᠤ ᠳᠠᠷᠠᠭ᠎ᠠ ᠬᠠᠮᠤᠭ ᠤᠨ ᠶᠡᠭᠡ ᠳᠠᠭᠠᠭᠠᠴᠠ ᠪᠠ ᠭᠤᠯᠳᠤ ᠴᠢᠭᠯᠡᠯ ᠤᠨ ᠲᠠᠰᠤᠳᠠᠬᠤ ᠲᠡᠰᠪᠤᠷᠢ ᠨᠢ50% ᠠᠴᠠ ᠲᠡᠭᠡᠭᠡᠰᠢ ︵ᠪᠤᠶᠤ50 %︶ ᠪᠠᠶᠢᠬᠤ ᠭᠡᠷᠡᠭᠳᠡᠢ᠃        ᠨᠥᠬᠦᠪᠥᠷᠢ ᠥᠭᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠰᠢᠭᠤᠳ᠂ ᠳᠠᠮ ᠵᠡᠷᠭᠡ ᠨᠥᠬᠦᠪᠥᠷᠢ ᠥᠭᠬᠦ ᠠᠷᠭ᠎ᠠ ᠮᠠᠶ᠋ᠢᠭ ᠢ ᠠᠪᠴᠤ᠂ ᠲᠠᠷᠢᠶᠠᠴᠢᠳ ᠤᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠴᠢᠳ ᠤᠨ ᠵᠤᠵᠠᠭᠠᠷᠠᠭᠤᠯᠦᠭ᠌ᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ  ᠶᠢ ᠭᠡᠷᠡᠭᠯᠡᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠂  ᠵᠤᠯᠤᠮ᠎ᠠ ᠪᠦᠷᠬᠦᠪᠴᠢ ᠶᠢᠨ ᠮᠠᠰᠢᠨ ᠢ ᠰᠠᠶᠢᠵᠢᠷᠠᠭᠤᠯᠵᠤ᠂ ᠠᠵᠢᠯᠯᠠᠬᠤ ᠬᠤᠷᠳᠤᠴᠠ ᠶᠢ ᠲᠣᠬᠢᠷᠠᠭᠤᠯᠤᠨ᠂ ᠵᠤᠯᠤᠮ᠎ᠠ ᠪᠦᠷᠬᠦᠪᠴᠢ ᠶᠢ  ᠬᠡᠲᠦᠷᠭᠡᠢ ᠲᠠᠲᠠᠬᠤ ᠠᠴᠠ ᠵᠠᠶᠢᠯᠠᠰᠬᠢᠵᠦ᠂ ᠵᠤᠯᠤᠮ᠎ᠠ ᠪᠦᠷᠬᠦᠪᠴᠢ ᠶᠢᠨ ᠣᠷᠣᠨ ᠪᠠᠶᠢᠷᠢ ᠶᠢ ᠵᠥᠷᠢᠭᠦᠯᠦᠭᠰᠡᠨ ᠪᠤᠶᠤ ᠲᠠᠷᠢᠶᠠᠨ ᠦᠷ᠎ᠡ ᠰᠠᠴᠤᠵᠤ ᠳᠡᠶᠢᠯᠬᠦ ᠦᠭᠡᠢ ᠪᠠᠶᠢᠳᠠᠯ ᠭᠠᠷᠬᠤ  ᠠᠴᠠ ᠵᠠᠶᠢᠯᠠᠰᠬᠢᠬᠦ ᠬᠡᠷᠡᠭᠲᠡᠢ᠃ ᠲᠣᠭᠲᠠᠴᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠨᠢᠭᠡᠳᠦᠯᠲᠡᠢ ᠬᠤᠷᠢᠶᠠᠨ ᠠᠪᠬᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠦᠢᠯᠡᠳᠪᠦᠷᠢᠯᠡᠭᠴᠢ ︵ᠪᠣᠷᠣᠯᠠᠭᠤᠯᠤᠭᠴᠢ︶  ᠨᠢ ᠬᠤᠷᠢᠶᠠᠨ ᠠᠪᠬᠤ ᠳᠤ ᠣᠷᠣᠯᠴᠠᠬᠤ ᠵᠡᠷᠭᠡ ᠣᠯᠠᠨ ᠵᠦᠢᠯ ᠤᠨ ᠬᠤᠷᠢᠶᠠᠨ ᠠᠪᠬᠤ ᠲᠣᠭᠲᠠᠴᠠ ᠪᠠ ᠵᠠᠭᠪᠤᠷ ᠢ ᠪᠠᠶᠢᠭᠤᠯᠬᠤ  ᠪᠠ ᠡᠬᠢ ᠪᠠᠶᠠᠯᠢᠭᠵᠢᠭᠤᠯᠤᠨ ᠠᠰᠢᠭᠯᠠᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠵᠡᠷᠭᠡ ᠣᠯᠠᠨ ᠵᠦᠢᠯ ᠤᠨ ᠰᠢᠢᠳᠪᠦᠷᠢᠯᠡᠬᠦ ᠠᠷᠭ᠎ᠠ ᠵᠠᠮ ᠢ ᠪᠠᠶᠢᠭᠤᠯᠬᠤ ᠪᠠᠷ ᠳᠠᠮᠵᠢᠭᠤᠯᠤᠨ᠂ ᠵᠤᠵᠠᠭᠠᠷᠠᠭᠤᠯᠦᠭ᠌ᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ 1000 ᠮᠦ ᠠᠴᠠ ᠳᠡᠭᠡᠭᠰᠢᠬᠢ  ᠭᠤᠣᠯ ᠵᠢᠱᠢᠶ᠎ᠡ ᠦᠵᠡᠭᠦᠯᠬᠦ ᠣᠷᠣᠨ ᠢ ᠨᠢᠭᠡ ᠪᠠᠶᠢᠭᠤᠯᠵᠤ᠂ ᠵᠤᠵᠠᠭᠠᠷᠠᠭᠤᠯᠦᠭ᠌ᠰᠠᠨ ᠶᠡᠭᠡ ᠡᠷᠴᠢᠳᠡᠢ ᠵᠤᠯᠤᠮ᠎ᠠ  ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ ᠪᠠ ᠮᠧᠬᠠᠨᠢᠭᠵᠢᠭᠤᠯᠤᠨ ᠡᠭᠡᠭᠦᠯᠦᠨ ᠬᠤᠷᠢᠶᠠᠬᠤ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃    ︵ᠬᠤᠶᠠᠷ︶  ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ  ᠵᠤᠯᠤᠮ᠎ᠠ ᠪᠦᠷᠬᠦᠪᠴᠢ ᠶᠢ ᠡᠮᠬᠢ ᠵᠢᠷᠤᠮ ᠲᠠᠢ ᠪᠠᠷ ᠳᠡᠯᠭᠡᠷᠡᠭᠦᠯᠦᠨ᠎ᠡ᠃    ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠪᠠ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠲᠠᠢ ᠤᠶᠠᠯᠳᠤᠭᠤᠯᠤᠨ᠂ ᠲᠠᠷᠢᠮᠠᠯ ᠪᠠ ᠲᠠᠷᠢᠵᠤ ᠪᠤᠶᠢᠵᠢᠭᠤᠯᠬᠤ ᠵᠠᠭᠪᠤᠷ ᠲᠤ ᠴᠢᠭᠯᠡᠭᠦᠯᠦᠨ᠂ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ  ᠵᠤᠯᠤᠮ᠎ᠠ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠭᠤᠣᠯ ᠪᠦᠷᠢᠯᠳᠦᠬᠦᠨ ᠨᠢ ᠪᠦᠷᠢᠮᠦᠰᠦᠨ ᠵᠠᠳᠠᠷᠠᠬᠤ ᠥᠪᠡᠷᠮᠢᠴᠡ ᠣᠨᠴᠠᠯᠢᠭ ᠲᠠᠢ ᠥᠭᠡᠬᠦᠨ ᠪᠦᠯᠦᠭ ᠤᠨ ᠪᠥᠭᠡᠭᠡᠨᠡᠷᠡᠯ ᠡᠰᠲ᠋ᠧᠷ᠂ ᠥᠭᠡᠬᠦᠨ ᠦᠨᠳᠦᠰᠦᠲᠡᠨ—— ᠦᠨᠦᠷᠲᠦ ᠪᠦᠯᠦᠭ ᠤᠨ ᠬᠠᠮ ᠪᠥᠭᠡᠭᠡᠨᠡᠷᠡᠯ ᠡᠰᠲ᠋ᠧᠷ ᠵᠡᠷᠭᠡ ᠠᠮᠢᠳᠤ ᠪᠣᠳᠠᠰ ᠤᠨ ᠮᠠᠲ᠋ᠧᠷᠢᠶᠠᠯ ᠪᠠᠶᠢᠵᠤ᠂ ᠪᠥᠭᠡᠭᠡᠨᠡᠷᠡᠯ ᠡᠲ᠋ᠢᠯᠧᠡ᠂ ᠪᠥᠭᠡᠭᠡᠨᠡᠷᠡᠯ ᠫᠷᠣᠫᠧᠨ ᠵᠡᠷᠭᠡ ᠶᠢᠨ ᠠᠯᠺᠧᠨ ᠨᠡᠭᠦᠷᠦᠭᠴᠢ ᠶᠢᠨ ᠲᠥᠷᠥᠯ ᠤᠨ ᠲᠦᠭᠦᠬᠡᠢ ᠡᠳ᠋ ᠠᠭᠤᠯᠤᠭᠳᠠᠵᠤ ᠪᠣᠯᠬᠤ ᠦᠭᠡᠢ᠂ ᠬᠠᠷᠢᠨ ᠣᠷᠴᠢᠨ ᠲᠣᠭᠤᠷᠢᠨ ᠳᠤ ᠬᠤᠣᠷ  ᠬᠦᠨᠦᠭᠡᠯ ᠦᠭᠡᠢ ᠴᠢᠭᠵᠢᠶᠡᠰᠦ ᠡᠳ᠋᠂ ᠴᠢᠳᠠᠮᠵᠢ ᠶᠢᠨ ᠴᠢᠨᠠᠷᠲᠠᠢ ᠲᠤᠰᠠᠯᠠᠬᠤ ᠡᠮ ᠢ ᠵᠣᠬᠢᠰᠲᠠᠢ ᠨᠡᠮᠡᠵᠦ ᠪᠣᠯᠤᠨ᠎ᠠ᠃ ᠦᠢᠯᠡᠳᠬᠦᠨ ᠤ ᠵᠤᠵᠠᠭᠠᠨ ᠤ ᠬᠡᠮᠵᠢᠶ᠎ᠡ᠂ ᠬᠦᠴᠦᠨ ᠤᠬᠠᠭᠠᠨ ᠤ ᠴᠢᠳᠠᠪᠬᠢ ᠵᠡᠷᠭᠡ ᠭᠦᠢᠴᠡᠳᠬᠡᠯ ᠲᠤᠭ᠎ᠠ ᠨᠢ ︽ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠨᠢᠮᠭᠡᠨ ᠪᠦᠷᠬᠦᠭᠦᠯ︾ ︵GB/T35795-2017 ᠣᠨ︶  ᠤᠨ ᠱᠠᠭᠠᠷᠳᠠᠯᠭ᠎ᠠ ᠳᠤ  ᠨᠡᠶᠢᠴᠡᠵᠤ᠂ ᠪᠦᠲᠦᠮᠵᠢᠲᠡᠢ ᠬᠡᠷᠡᠭᠯᠡᠬᠦ ᠬᠤᠭᠤᠴᠠᠭ᠎ᠠ ᠨᠢ 80 ᠡᠳᠦᠷ ᠠᠴᠠ ᠲᠡᠭᠡᠭᠡᠰᠢ ︵ᠪᠤᠶᠤ 80 ᠡᠳᠦᠷ︶ ᠪᠠᠶᠢᠪᠠᠯ ᠵᠣᠬᠢᠨ᠎ᠠ᠃ ᠤᠰᠤᠨ ᠠᠭᠤᠷ ᠨᠡᠪᠲᠡᠷᠡᠬᠦ ᠬᠡᠮᠵᠢᠶ᠎ᠡ ᠨᠢ 24 ᠴᠠᠭ ᠲᠤ ᠺᠤᠸᠠᠲ ᠮᠧᠲᠷ ᠪᠦᠷᠢ 400g ᠠᠴᠠ ᠲᠤᠭᠤᠭᠰᠢ  ᠪᠠᠶᠢᠵᠤ᠂ ᠤᠷᠭᠠᠨᠢᠭ ᠪᠦᠷᠢᠯᠳᠦᠭᠦᠨ ᠨᠢ 51% ᠠᠴᠠ ᠲᠤᠭᠤᠭᠰᠢ ︵ᠪᠤᠶᠤ 51% ︶ ᠪᠠᠶᠢᠬᠤ ᠭᠡᠷᠡᠭᠳᠡᠢ᠃ ᠬᠠᠷᠢᠴᠠᠩᠭᠤᠢ ᠠᠮᠢᠳᠤ ᠪᠣᠳᠠᠰ ᠤᠨ ᠵᠠᠳᠠᠯᠤᠯᠲᠠ ᠶᠢᠨ ᠨᠣᠷᠮ᠎ᠠ 90% ᠠᠴᠠ ᠲᠡᠭᠡᠭᠡᠰᠢ ︵ᠪᠤᠶᠤ 90%︶᠂ ᠲᠠᠲᠠᠵᠤ ᠴᠢᠩᠭᠠᠭᠠᠬᠤ ᠲᠠᠭᠠᠭᠠᠴᠠ ︵ᠬᠦᠨᠳᠡᠯᠡᠨ ᠪᠠ ᠭᠤᠯᠳᠤ ᠲᠠᠯ᠎ᠠ︶1.5N ᠠᠴᠠ ᠲᠡᠭᠡᠭᠡᠰᠢ ︵ᠪᠤᠶᠤ1.5N ︶ ᠂ ᠲᠠᠰᠤᠳᠠᠬᠤ ᠲᠠᠰᠪᠤᠷᠢ ︵  ᠬᠥᠨᠳᠡᠯᠡᠨ ᠲᠠᠯ᠎ᠠ︶ 250  % ᠠᠴᠠ ᠲᠡᠭᠡᠭᠡᠰᠢ ︵ᠪᠤᠶᠤ 250  %︶᠂ ᠲᠡᠭᠰᠢ ᠦᠨᠴᠦᠭᠲᠦ ᠰᠠᠷᠨᠢᠯᠲᠠ ᠶᠢᠨ ᠳᠠᠭᠠᠭᠠᠴᠠ ︵ᠬᠦᠨᠳᠡᠯᠡᠨ ᠪᠠ ᠭᠤᠯᠳᠤ ᠲᠠᠯ᠎ᠠ︶0.8N ᠠᠴᠠ ᠲᠡᠭᠡᠭᠡᠰᠢ ︵ᠪᠤᠶᠤ0.8N︶︔ ᠥᠨᠳᠥᠷ ᠳᠤᠯᠠᠭᠠᠨ ᠴᠢᠭᠢᠭᠯᠢᠭ᠂ ᠬᠥᠷᠥᠰᠥ ᠰᠢᠷᠣᠢ ᠶᠢᠨ ᠮᠢᠺᠷᠣᠪ ᠤᠨ ᠢᠳᠡᠪᠬᠢᠵᠢᠯ ᠨᠡᠯᠢᠶᠡᠳ ᠥᠨᠳᠥᠷ ᠣᠷᠴᠢᠨ ᠲᠣᠭᠤᠷᠢᠨ ᠳᠤ ᠲᠤᠷᠰᠢᠯᠲᠠ ᠶᠢᠨ ᠰᠢᠯᠭᠠᠨ ᠪᠠᠲᠤᠯᠠᠯᠲᠠ ᠶᠢ ᠥᠩᠭᠡᠷᠡᠭᠡᠬᠦ ᠶᠢᠨ ᠬᠠᠮᠲᠤ᠂ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ  ᠢᠵᠢ ᠪᠦᠷᠢᠳᠦᠭᠦᠯᠬᠦ ᠬᠡᠷᠡᠭᠲᠡᠢ᠃    ᠲᠤᠰ ᠭᠠᠵᠠᠷ  ᠣᠷᠣᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠠᠰᠤ ᠴᠢᠨᠠᠷ ᠨᠢ ᠬᠢᠷᠢ ᠲᠡᠩᠴᠡᠭᠰᠡᠨ᠂ ᠨᠥᠯᠥᠭᠡᠯᠡᠬᠦ ᠬᠤᠭᠤᠴᠠᠭ᠎ᠠ ᠨᠢ ᠲᠣᠬᠢᠷᠠᠮᠵᠢᠲᠠᠢ᠂ ᠲᠤᠬᠠᠢ ᠶᠢᠨ ᠵᠢᠯ ᠳᠤ ᠦᠢᠯᠡᠳᠪᠦᠷᠢᠯᠡᠭᠰᠡᠨ ᠪᠦᠷᠢᠨ ᠠᠮᠢᠳᠤ ᠪᠣᠳᠠᠰ ᠤᠨ ᠵᠠᠳᠠᠷᠠᠯᠳᠠ ᠶᠢᠨ ᠵᠤᠯᠤᠮ᠎ᠠ ᠪᠦᠷᠬᠦᠪᠴᠢ ᠶᠢ ᠰᠣᠩᠭᠤᠨ ᠬᠡᠷᠡᠭᠯᠡᠨ᠎ᠡ᠃ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠪᠠ ᠮᠡᠷᠭᠡᠵᠢᠯ ᠤᠨ ᠵᠠᠭᠪᠤᠷ ᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠬᠡᠲᠦᠷᠬᠡᠢ ᠡᠷᠲᠡ ᠵᠠᠳᠠᠷᠠᠬᠤ ᠠᠴᠠ ᠵᠠᠶᠢᠯᠠᠰᠬᠢᠬᠦ ᠬᠡᠷᠡᠭᠲᠡᠢ᠃ PE᠂ PP ᠪᠦᠷᠢᠯᠳᠦᠬᠦᠨ ᠢ ᠪᠠᠭᠲᠠᠭᠠᠭᠰᠠᠨ ᠵᠠᠳᠠᠷᠠᠭᠤᠯᠬᠤ  ᠵᠤᠯᠤᠮ᠎ᠠ  ᠪᠦᠷᠬᠦᠪᠴᠢ ᠶᠢ ᠬᠡᠷᠡᠭᠯᠡᠵᠦ ᠪᠣᠯᠬᠤ ᠦᠭᠡᠢ᠃    ︵ᠭᠤᠷᠪᠠ︶ ᠵᠤᠯᠤᠮ᠎ᠠ  ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃    ᠨᠢᠭᠡ ᠳᠤ᠂ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ ᠠᠬᠢᠭᠤᠯᠤᠨ᠎ᠠ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ︽ᠳᠦᠷᠢᠮ︾ ᠢ ᠴᠢᠩᠭ᠎ᠠ ᠬᠡᠷᠡᠭᠵᠢᠭᠦᠯᠵᠦ᠂ ᠲᠠᠷᠢᠶᠠᠨ  ᠳᠠᠭᠠᠭᠠᠮᠠᠯ ᠤᠨ ᠳᠦᠷᠢᠮ ᠵᠡᠷᠭᠡ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ᠂ ᠲᠥᠷᠥ ᠶᠢᠨ ᠪᠣᠳᠣᠯᠭ᠎ᠠ ᠶᠢ ᠬᠥᠲᠥᠯᠥᠨ ᠵᠢᠯᠣᠭᠤᠳᠬᠤ᠂ ᠪᠠᠷᠢᠮᠵᠢᠶ᠎ᠠ ᠶᠢ ᠲᠥᠰᠦᠭᠡᠯᠡᠨ ᠪᠣᠳᠣᠬᠤ᠂ ᠲᠠᠯᠠᠪᠠᠢ ᠶᠢ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ᠂ ᠨᠥᠬᠦᠪᠥᠷᠢ ᠣᠯᠭᠤᠬᠤ ᠵᠡᠷᠭᠡ ᠲᠣᠭᠲᠠᠴᠠ ᠶᠢᠨ  ᠰᠢᠨᠡᠴᠢᠯᠡᠨ ᠲᠡᠭᠦᠯᠳᠡᠷᠵᠢᠭᠦᠯᠵᠦ᠂ ᠵᠤᠯᠤᠮ᠎ᠠ  ᠪᠦᠷᠬᠦᠪᠴᠢ ᠶᠢᠨ ᠬᠡᠷᠡᠭᠯᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠲᠣᠭᠲᠠᠭᠠᠯ ᠶᠣᠰᠣᠭᠠᠷ ᠪᠦᠷᠢᠨ ᠪᠤᠰᠤ ᠠᠮᠢᠳᠤ ᠪᠣᠳᠠᠰ ᠤᠨ ᠵᠠᠳᠠᠷᠠᠯᠲᠠ ᠶᠢᠨ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ᠂ ᠵᠤᠯᠤᠮ᠎ᠠ ᠪᠦᠷᠬᠦᠪᠴᠢ ᠶᠢᠨ ᠬᠡᠷᠡᠭᠯᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠤᠯᠤᠮ᠎ᠠ ᠪᠦᠷᠬᠦᠪᠴᠢ ᠶᠢ ᠬᠡᠷᠡᠭᠯᠡᠭᠰᠡᠳ ᠤᠨ ᠲᠣᠭᠲᠠᠭᠠᠯ ᠶᠣᠰᠣᠭᠠᠷ ᠬᠠᠶᠠᠭᠳᠠᠮᠠᠯ ᠬᠠᠭᠤᠴᠢᠨ  ᠵᠤᠯᠤᠮ᠎ᠠ ᠪᠦᠷᠬᠦᠪᠴᠢ ᠶᠢ ᠬᠤᠷᠢᠶᠠᠨ ᠠᠪᠤᠭᠰᠠᠨ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠴᠠᠭ ᠲᠤ ᠨᠢ ᠲᠣᠬᠢᠷᠠᠭᠤᠯᠤᠨ ᠨᠡᠶᠢᠭᠡᠮ ᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠵᠤᠯᠤᠮ᠎ᠠ ᠪᠦᠷᠬᠦᠪᠴᠢ ᠶᠢᠨ ᠬᠡᠷᠡᠭᠯᠡᠭᠴᠢᠳ ᠲᠤ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠶᠢ ᠴᠢᠩᠭᠠᠳᠬᠠᠵᠤ᠂ ᠪᠦᠲᠦᠮᠵᠢᠲᠡᠢ ᠰᠦᠷᠳᠡᠭᠦᠯᠬᠦ ᠬᠡᠷᠡᠭᠲᠡᠢ᠃    ᠬᠤᠶᠠᠷ ᠲᠤ᠂ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠣᠯᠠᠨ ᠵᠦᠢᠯ ᠤᠨ ᠠᠷᠭ᠎ᠠ ᠬᠡᠯᠪᠡᠷᠢ ᠪᠠᠷ  ᠵᠤᠵᠠᠭᠠᠷᠠᠭᠤᠯᠤᠭᠰᠠᠨ ᠵᠤᠯᠤᠮ᠎ᠠ ᠪᠦᠷᠬᠦᠪᠴᠢ ᠶᠢ  ᠪᠦᠭᠦᠶᠢᠯᠠ ᠭᠡᠪᠴᠢᠶ᠎ᠡ ᠪᠠᠷ ᠬᠤᠷᠢᠶᠠᠨ ᠠᠪᠴᠤ ᠂ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠵᠤ᠂ ᠮᠧᠬᠠᠨᠢᠭ ᠢᠶᠠᠷ ᠬᠤᠷᠢᠶᠠᠨ ᠠᠪᠬᠤ ᠶᠢ ᠠᠬᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠡᠵᠡᠩᠨᠡᠯᠲᠡ ᠶᠢᠨ ᠭᠤᠣᠯ ᠴᠣᠭᠴᠠ ᠠᠴᠠ ᠳᠡᠭᠡᠭᠰᠢ ᠲᠤᠰᠢᠶᠠᠬᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ  ᠠᠴᠠ ᠬᠤᠷᠢᠶᠠᠨ ᠠᠪᠬᠤ ᠵᠡᠷᠭᠡ ᠣᠯᠠᠨ ᠡᠰᠢᠴᠢᠯᠡᠭᠰᠡᠨ ᠬᠤᠷᠢᠶᠠᠨ ᠠᠪᠬᠤ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠥᠷᠭᠡᠳᠬᠡᠬᠦ ᠬᠡᠷᠡᠭᠲᠡᠢ᠃ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠤ ᠠᠬᠤᠶᠢᠯᠠᠯ ᠳᠤ ᠥᠷᠲᠡᠭ ᠨᠡᠮᠡᠭᠳᠡᠯ ᠤᠨ ᠭᠠᠶᠢᠯᠢ ᠶᠢ ᠲᠠᠲᠠᠪᠤᠷᠢᠯᠠᠬᠤ ᠶᠢᠨ ᠳᠠᠭᠠᠤ ᠪᠤᠴᠠᠭᠠᠵᠤ ᠥᠭᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠷᠢᠭᠦᠨ ᠤ ᠥᠨᠳᠥᠷ ᠪᠦᠲᠦᠮᠵᠢᠲᠡᠢ᠂ ᠪᠣᠯᠪᠠᠰᠤᠷᠠᠩᠭᠤᠢ ᠪᠣᠯᠤᠭᠰᠠᠨ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠪᠠᠭᠠᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠳᠤ ᠣᠷᠣᠭᠤᠯᠬᠤ ᠬᠡᠷᠡᠭᠲᠡᠢ᠃  ᠭᠤᠣᠯᠳᠠᠯᠭ᠎ᠠ ᠲᠠᠢ ᠣᠷᠣᠨ ᠪᠦᠰᠡ  ᠬᠠᠮᠤᠷᠤᠨ ᠪᠦᠷᠬᠦᠵᠤ᠂ ᠣᠷᠣᠨ ᠤ ᠭᠠᠳᠠᠨᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ  ᠶᠢ ᠢᠳᠡᠪᠬᠢᠲᠡᠢ ᠰᠤᠷᠤᠯᠴᠠᠵᠤ᠂ ᠦᠢᠯᠡᠳᠪᠦᠷᠢᠯᠡᠭᠴᠢ᠂ ᠪᠣᠷᠣᠯᠠᠭᠤᠯᠤᠭᠴᠢ ᠶᠢᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠬᠠᠷᠢᠭᠤᠴᠠᠯᠭ᠎ᠠ ᠶᠢ ᠤᠷᠲᠤᠳᠬᠠᠬᠤ ᠳᠦᠷᠢᠮ ᠢ ᠬᠠᠶᠢᠨ ᠰᠦᠪᠡᠭᠴᠢᠯᠡᠨ᠎ᠡ᠃ ᠦᠢᠯᠡᠳᠪᠦᠷᠢᠯᠡᠭᠴᠢ᠂ ᠪᠣᠷᠣᠯᠠᠭᠤᠯᠤᠭᠴᠢ ᠵᠢᠴᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠤ ᠠᠬᠤᠶᠢᠯᠠᠯ᠂ ᠡᠭᠡᠭᠦᠯᠦᠨ ᠬᠤᠷᠢᠶᠠᠬᠤ ᠲᠣᠣᠷ ᠴᠢᠭ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠤᠨ ᠬᠠᠮᠲᠤᠷᠠᠯᠴᠠᠭ᠎ᠠ  ᠶᠢ ᠵᠣᠷᠢᠭᠵᠢᠭᠤᠯᠵᠤ᠂ ᠪᠣᠷᠣᠯᠠᠭᠤᠯᠤᠯᠲᠠ ᠪᠠᠷ ᠬᠤᠷᠢᠶᠠᠬᠤ ᠶᠢ ᠲᠣᠭᠲᠠᠭᠠᠬᠤ᠂  ᠭᠠᠵᠠᠷ ᠬᠤᠪᠢᠶᠠᠨ ᠲᠠᠭᠠᠭᠠᠴᠢᠯᠠᠵᠤ ᠪᠣᠭᠤᠳᠠᠯᠯᠠᠨ ᠡᠭᠡᠭᠦᠯᠦᠨ ᠬᠤᠷᠢᠶᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠬᠠᠶᠠᠭᠳᠠᠮᠠᠯ ᠬᠠᠭᠤᠴᠢᠨ  ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃    ᠭᠤᠷᠪᠠ ᠳᠤ᠂ ᠡᠬᠡ ᠳᠠᠩᠰᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠵᠤᠯᠤᠮ᠎ᠠ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠢ ᠦᠨᠳᠦᠰᠦᠯᠡᠨ᠂ ︽ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠬᠤ ᠰᠠᠨᠠᠯ ᠶᠣᠰᠣᠭᠠᠷ᠂ ᠰᠤᠮᠤ ᠰᠢᠶᠠᠩ ᠪᠠᠯᠭᠠᠰᠤ ᠶᠢᠨ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ  ᠵᠤᠯᠤᠮ᠎ᠠ ᠪᠦᠷᠬᠦᠪᠴᠢ ᠶᠢ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ ᠪᠠ ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠲᠣᠣᠷ ᠴᠡᠭ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ︾᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ 6 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠣᠰᠬᠤᠨ᠂ ᠰᠢᠶᠠᠩ᠂ ᠰᠢᠶᠠᠨ ᠭᠤᠷᠪᠠᠨ ᠱᠠᠲᠤᠨ ᠤ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠪᠣᠷᠣᠯᠠᠭᠤᠯᠭ᠎ᠠ ᠶᠢᠨ ᠡᠬᠡ ᠳᠠᠩᠰᠠ ᠵᠢᠴᠢ ᠳᠡᠭᠡᠷ᠎ᠡ ᠨᠢᠭᠡ ᠵᠢᠯ ᠤᠨ ᠬᠡᠷᠡᠭᠯᠡᠯᠲᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠭᠤᠣᠯ ᠴᠣᠭᠴᠠ ᠶᠢᠨ ᠡᠬᠡ ᠳᠠᠩᠰᠠ ᠶᠢᠨ ᠪᠠᠶᠢᠭᠤᠯᠤᠯᠲᠠ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃    ︵ᠳᠥᠷᠪᠡ︶  ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃    ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ ᠶᠢᠨ ᠬᠠᠷᠢᠴᠠᠭᠤᠯᠤᠯ ᠰᠢᠯᠭᠠᠨ ᠨᠤᠲᠠᠯᠠᠯᠳᠠ ᠶᠢ ᠦᠷᠭᠦᠯᠵᠢᠯᠡᠨ ᠥᠷᠨᠢᠭᠦᠯᠦᠨ᠎ᠡ᠃ 30 ᠲᠦᠮᠡᠨ ᠲᠥᠭᠦᠷᠢᠭ ᠤᠨ ᠪᠠᠷᠢᠮᠵᠢᠶ᠎ᠠ ᠶᠣᠰᠣᠭᠠᠷ᠂ ᠡᠷᠳᠡᠨᠢ ᠰᠢᠰᠢ  ᠶᠢᠨ ᠲᠠᠷᠢᠮᠠᠯ ᠢᠶᠠᠷ  ᠬᠤᠶᠠᠷᠬᠤᠳᠳᠤᠭ ᠪᠠᠯᠭᠠᠰᠤᠨ ᠳᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠡᠭᠦᠨ ᠳᠤ ᠲᠤᠷᠰᠢᠯᠲᠠ ᠶᠢᠨ ᠲᠠᠯᠠᠪᠠᠢ ᠨᠢ 5 ᠮᠥ᠂ ᠵᠢᠱᠢᠶ᠎ᠡ ᠦᠵᠡᠭᠦᠯᠬᠦ ᠲᠠᠯᠠᠪᠠᠢ ᠨᠢ 800 ᠮᠦ ᠠᠴᠠ ᠳᠡᠭᠡᠭᠰᠢ  ᠪᠠᠶᠢᠯᠭᠠᠨ᠎ᠠ᠃ 6 ᠵᠦᠢᠯ ᠠᠴᠠ ᠲᠤᠤᠷ᠎ᠠ ᠦᠭᠡᠢ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ  ᠵᠤᠯᠤᠮ᠎ᠠ ᠪᠦᠷᠬᠦᠪᠴᠢ ᠶᠢᠨ ᠪᠦᠲᠦᠭᠡᠭᠳᠡᠬᠦᠨ ᠢ ᠰᠣᠩᠭᠤᠨ ᠬᠠᠷᠢᠴᠠᠭᠤᠯᠤᠨ ᠰᠢᠯᠭᠠᠨ ᠨᠤᠲᠠᠯᠠᠵᠤ ᠦᠨᠡᠯᠡᠬᠦ ᠶᠢᠨ ᠬᠠᠮᠲᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠰᠠᠭᠤᠷᠢ ᠲᠠᠢ 2 ᠵᠦᠢᠯ  ᠠᠴᠠ ᠳᠤᠲᠠᠭᠤ ᠦᠭᠡᠢ ᠦᠢᠯᠡᠳᠬᠦᠨ ᠢ ᠰᠣᠩᠭᠤᠵᠤ ᠵᠢᠱᠢᠶ᠎ᠡ ᠦᠵᠡᠭᠦᠯᠬᠦ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ  ᠵᠤᠯᠤᠮ᠎ᠠ ᠪᠦᠷᠬᠦᠪᠴᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠮᠡᠷᠭᠡᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠠᠷᠭᠤᠭᠤᠯᠤᠨ ᠨᠤᠲᠠᠯᠠᠵᠤ ᠦᠨᠡᠯᠡᠬᠦ ᠮᠡᠷᠭᠡᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠠᠩᠰᠠᠯᠠᠭᠤᠯᠤᠨ᠎ᠠ᠃ ᠵᠠᠷᠤᠳᠠᠯ ᠢ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢᠨ ᠳᠣᠲᠣᠷ᠎ᠠ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠬᠡᠷᠡᠭᠯᠡᠬᠦ ᠭᠠᠵᠠᠷ  ᠲᠡᠷᠭᠡ ᠬᠦᠰᠬᠡ᠂ ᠲᠠᠷᠢᠶᠠᠯᠠᠩ ᠤᠨ ᠮᠠᠰᠢᠨ ᠬᠡᠷᠡᠭᠰᠡᠯ ᠵᠡᠷᠭᠡ ᠲᠦᠷᠢᠶᠡᠰᠦᠯᠡᠭᠦᠯᠬᠦ ᠨᠥᠬᠦᠪᠥᠷᠢ ᠳᠤ ᠬᠡᠷᠡᠭᠯᠡᠵᠦ᠂ ᠲᠤᠰᠬᠠᠢ  ᠬᠡᠷᠡᠭᠯᠡᠭᠡᠨ ᠤ ᠮᠠᠲ᠋ᠧᠷᠢᠶᠠᠯ ︵  ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ  ᠵᠤᠯᠤᠮ᠎ᠠ ᠪᠦᠷᠬᠦᠪᠴᠢ᠂ ᠦᠷ᠎ᠡ᠂ ᠲᠠᠷᠢᠶᠠᠨ ᠡᠮ ᠵᠡᠷᠭᠡ ᠪᠠ ᠴᠢᠬᠤᠯᠠ ᠪᠦᠬᠦᠢ ᠪᠠᠭᠠᠵᠢ ᠬᠡᠷᠡᠭᠰᠡᠯ ᠪᠠᠭᠠᠵᠢ ᠲᠥᠬᠦᠭᠡᠷᠦᠮᠵᠢ︶ ᠢ ᠬᠤᠳᠠᠯᠳᠤᠨ ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ ᠤᠨ ᠵᠢᠯᠣᠭᠤᠳᠣᠯᠭ᠎ᠠ᠂ ᠤᠬᠠᠭᠤᠯᠭ᠎ᠠ᠂ ᠲᠤᠰᠬᠠᠢ ᠮᠡᠷᠭᠡᠵᠢᠯᠲᠡᠨ ᠤ ᠯᠠᠪᠯᠠᠯᠲᠠ᠂ ᠬᠥᠳᠡᠯᠮᠦᠷᠢ  ᠬᠦᠴᠦᠨ ᠤ ᠦᠢᠯᠡᠴᠢᠯᠡᠭᠡ᠂ ᠮᠠᠲ᠋ᠧᠷᠢᠶᠠᠯ ᠤᠨ ᠪᠠᠶᠢᠴᠠᠭᠠᠨ ᠬᠡᠮᠵᠢᠯᠲᠡ ᠵᠡᠷᠭᠡ ᠵᠠᠷᠤᠯᠭ᠎ᠠ ᠳᠤ ᠬᠡᠷᠡᠭᠯᠡᠵᠦ ᠪᠣᠯᠤᠨ᠎ᠠ᠃    ᠢᠵᠢ ᠪᠦᠷᠢᠳᠦᠭᠦᠯᠬᠦ ᠮᠠᠰᠢᠨ ᠲᠥᠬᠦᠭᠡᠷᠦᠮᠵᠢ ᠪᠠ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ  ᠰᠠᠶᠢᠵᠢᠷᠠᠭᠤᠯᠬᠤ ᠶᠢ ᠰᠤᠳᠤᠯᠤᠨ ᠨᠡᠭᠡᠭᠡᠨ᠎ᠡ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠰᠢᠨ᠎ᠡ ᠬᠡᠯᠪᠡᠷᠢ ᠶᠢᠨ ᠵᠤᠯᠤᠮ᠎ᠠ ᠪᠦᠷᠬᠦᠪᠴᠢ ᠶᠢᠨ ᠦᠢᠯᠡᠳᠬᠦᠨ ᠳᠤ ᠴᠢᠭᠯᠡᠭᠦᠯᠦᠭᠰᠡᠨ ᠮᠠᠰᠢᠨ ᠮᠧᠬᠠᠨᠢᠭ ᠪᠠ ᠢᠵᠢ ᠪᠦᠷᠢᠳᠦᠭᠦᠯᠬᠦ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠰᠢᠭᠰᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠤᠯᠤᠮ᠎ᠠ  ᠪᠦᠷᠬᠦᠪᠴᠢ ᠶᠢᠨ ᠬᠡᠷᠡᠭᠯᠡᠯᠲᠡ ᠶᠢ ᠡᠭᠡᠭᠦᠯᠦᠨ ᠬᠤᠷᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠥᠨᠳᠥᠷ ᠪᠦᠲᠦᠮᠵᠢᠲᠡᠢ ᠬᠡᠷᠡᠭᠯᠡᠬᠦ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠤᠯᠤᠮ᠎ᠠ ᠪᠦᠷᠬᠦᠪᠴᠢ  ᠪᠠ ᠭᠤᠤᠷᠰᠤ ᠶᠢ ᠰᠠᠯᠭᠠᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠮᠠᠰᠢᠨ  ᠢᠶᠠᠷ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠦᠨ᠎ᠡ᠃    ︵ᠲᠠᠪᠤ︶ ᠬᠡᠷᠡᠭᠵᠢᠭᠦᠯᠬᠦ ᠠᠯᠬᠤᠮ ᠳᠠᠷᠠᠭ᠎ᠠ    1. ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠱᠠᠲᠤ ᠦᠶ᠎ᠡ ︵3 ᠳ᠋ᠤᠭᠠᠷ ᠰᠠᠷ᠎ᠠ ᠶᠢᠨ 15 ᠤ ᠡᠳᠦᠷ ᠠᠴᠠ 4 ᠳ᠋ᠦ᠋ᠭᠡᠷ ᠰᠠᠷ᠎ᠠ ᠶᠢᠨ 20 ᠤ ᠡᠳᠦᠷ︶᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢ ᠠᠬᠢᠭᠤᠯᠬᠤ ᠡᠭᠦᠷᠭᠡ ᠶᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠠᠨ ᠵᠠᠳᠠᠯᠤᠨ᠂ ᠲᠠᠷᠢᠶᠠᠴᠢᠨ ᠡᠷᠦᠬᠡ ᠲᠠᠢ ᠬᠡᠯᠡᠯᠴᠡᠭᠡᠷ ᠲᠣᠭᠲᠠᠵᠤ  ᠵᠤᠵᠠᠭᠠᠷᠠᠭᠤᠯᠤᠭᠰᠠᠨ ᠶᠡᠭᠡ ᠡᠷᠴᠢᠳᠡᠢ ᠰᠦᠯᠢᠶᠣᠣ ᠪᠦᠷᠬᠦᠪᠴᠢ ᠪᠠ  ᠪᠦᠷᠢᠨ ᠠᠮᠢᠳᠤ ᠪᠣᠳᠠᠰ ᠤᠨ  ᠵᠠᠳᠠᠷᠠᠯᠳᠠ ᠶᠢᠨ ᠰᠦᠯᠢᠶᠣᠣ ᠪᠦᠷᠬᠦᠪᠴᠢ ᠶᠢ ᠬᠤᠳᠠᠯᠳᠤᠨ ᠠᠪᠤᠭᠤᠯᠤᠨ᠎ᠠ ᠃ ᠬᠡᠷᠡᠭᠯᠡᠬᠦ ᠭᠤᠣᠯ ᠴᠣᠭᠴᠠ᠂ ᠲᠠᠯᠠᠪᠠᠢ᠂ ᠨᠥᠬᠦᠪᠥᠷᠢ ᠥᠭᠬᠦ ᠲᠤᠭ᠎ᠠ ᠬᠡᠮᠵᠢᠶ᠎ᠡ᠂ ᠡᠭᠡᠭᠦᠯᠦᠨ ᠬᠤᠷᠢᠶᠠᠬᠤ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠪᠦᠷᠢᠳᠬᠡᠬᠦ ᠬᠡᠷᠡᠭᠲᠡᠢ᠃ ᠡᠯ᠎ᠡ ᠰᠤᠮᠤ ᠪᠠᠯᠭᠠᠰᠤ ᠪᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠪᠦᠷᠢᠶ᠎ᠡ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ ᠤᠬᠠᠭᠤᠯᠭ᠎ᠠ ᠬᠢᠬᠦ  ᠪᠦᠭᠡᠳ ᠦᠯᠡᠳᠡᠭᠳᠡᠯ ᠪᠦᠷᠬᠦᠭᠦᠯ ᠤᠨ ᠪᠣᠬᠢᠷᠲᠤᠯ ᠤᠨ ᠬᠤᠣᠷ ᠬᠥᠨᠥᠭᠡᠯ ᠪᠠ ᠡᠭᠡᠭᠦᠯᠦᠨ ᠬᠤᠷᠢᠶᠠᠬᠤ ᠶᠢᠨ ᠰᠠᠶᠢᠨ ᠲᠠᠯ᠎ᠠ ᠶᠢ ᠲᠠᠶᠢᠯᠪᠤᠷᠢᠯᠠᠵᠦ᠂ ᠣᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ ᠣᠷᠣᠯᠴᠠᠬᠤ ᠬᠡᠮᠵᠢᠶ᠎ᠡ᠂ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠶᠢ ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠬᠤ ᠲᠠᠢ ᠬᠤᠯᠪᠣᠭᠳᠠᠭᠤᠯᠬᠤ ᠶᠢ ᠲᠣᠳᠣᠷᠬᠠᠶᠢᠯᠠᠵᠤ᠂ ᠪᠦᠬᠦ ᠨᠡᠶᠢᠭᠡᠮ ᠢᠶᠠᠷ ᠢᠶᠠᠨ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠳᠤ ᠣᠷᠣᠯᠴᠠᠬᠤ ᠰᠠᠶᠢᠨ ᠰᠠᠶᠢᠬᠠᠨ ᠠᠬᠤᠢ ᠪᠠᠶᠢᠳᠠᠯ ᠢ ᠪᠤᠢ ᠪᠣᠯᠭᠠᠨ᠎ᠠ᠃    2. ᠬᠤᠳᠠᠯᠳᠤᠨ ᠠᠪᠴᠤ ᠬᠡᠷᠡᠭᠯᠡᠬᠦ ᠱᠠᠲᠤ ᠦᠶ᠎ᠡ ︵3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶᠃ ᠲᠠᠷᠢᠶᠠᠴᠢᠨ ᠡᠷᠦᠬᠡ  ᠨᠢ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠠᠴᠠ ᠵᠢᠭᠠᠨ ᠲᠣᠭᠲᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠪᠤᠶᠤ ᠦᠢᠯᠡᠳᠪᠦᠷᠢ ᠶᠢᠨ ᠰᠢᠭᠤᠳ ᠪᠣᠷᠣᠯᠠᠭᠤᠯᠬᠤ ᠴᠡᠭ ᠲᠤ ᠬᠦᠷᠴᠦ᠂ ᠲᠥᠷᠥᠯ ᠵᠦᠢᠯ ᠤᠨ ᠨᠥᠬᠦᠪᠥᠷᠢ ᠶᠢ ᠬᠠᠰᠤᠭᠰᠠᠨ ᠤ ᠳᠠᠷᠠᠭᠠᠬᠢ ᠦᠨ᠎ᠡ ᠪᠠᠷ  ᠵᠤᠵᠠᠭᠠᠷᠠᠭᠤᠯᠤᠭᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ ᠪᠠ  ᠪᠦᠷᠢᠨ ᠠᠮᠢᠳᠤ ᠪᠣᠳᠠᠰ  ᠤᠨ ᠵᠠᠳᠠᠷᠠᠯᠳᠠ ᠶᠢᠨ ᠪᠦᠷᠬᠦᠪᠴᠢ ᠶᠢ ᠬᠤᠳᠠᠯᠳᠤᠨ ᠠᠪᠬᠤ ᠶᠢᠨ ᠬᠠᠮᠲᠤ ᠳᠠᠩᠰᠠᠯᠠᠵᠤ᠂ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ  ᠠᠮᠠᠯᠳᠠᠨ ᠪᠠᠳᠤᠯᠠᠬᠤ ᠭᠡᠷᠡᠭᠳᠡᠢ᠃  ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠨᠢ ᠲᠠᠷᠢᠶᠠᠯᠠᠩ ᠤᠨ  ᠵᠤᠯᠤᠮ᠎ᠠ ᠪᠦᠷᠬᠦᠪᠴᠢ ᠶᠢᠨ ᠵᠠᠬ᠎ᠠ ᠳᠡᠯᠭᠡᠭᠦᠷ ᠢ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠤᠵᠠᠭᠠᠨ ᠨᠢ 0. 01mm ᠠᠴᠠ ᠳᠣᠣᠷ᠎ᠠ ᠪᠠᠶᠢᠬᠤ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠪᠥᠭᠡᠭᠡᠨᠡᠷᠡᠯ ᠡᠲ᠋ᠢᠯᠧᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃    3. ᠲᠥᠪᠯᠡᠷᠡᠭᠦᠯᠦᠨ ᠡᠭᠡᠭᠦᠯᠦᠨ ᠬᠤᠷᠢᠶᠠᠬᠤ ᠱᠠᠲᠤ ᠦᠶ᠎ᠡ ︵10 ᠳ᠋ᠤᠭᠠᠷ ᠰᠠᠷ᠎ᠠ ᠶᠢᠨ ᠡᠬᠢ ᠠᠴᠠ 2025 ᠣᠨ ᠤ ᠡᠬᠢ ᠪᠣᠯᠲᠠᠯ᠎ᠠ︶᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ  ᠨᠢ  ᠵᠤᠯᠤᠮ᠎ᠠ ᠪᠦᠷᠬᠦᠪᠴᠢ ᠶᠢ  ᠬᠡᠷᠡᠭᠯᠡᠨ ᠲᠠᠷᠢᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠲᠠᠷᠢᠮᠠᠯ ᠤᠨ ᠡᠷᠦᠬᠡ᠂ ᠲᠠᠷᠢᠶᠠᠯᠠᠩ ᠤᠨ ᠮᠠᠰᠢᠨ ᠤ ᠲᠣᠮᠣ ᠡᠷᠦᠬᠡ  ᠵᠢᠴᠢ ᠬᠤᠷᠰᠢᠶ᠎ᠠ ᠶᠢ ᠵᠣᠬᠢᠶᠠᠨ ᠪᠠᠶᠢᠭᠤᠯᠤᠨ  ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠬᠦ ᠬᠡᠷᠡᠭᠲᠡᠢ᠃    4. ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ︵10 ᠳ᠋ᠤᠭᠠᠷ ᠰᠠᠷ᠎ᠠ ᠶᠢᠨ ᠰᠡᠭᠦᠯᠴᠢ ᠠᠴᠠ 2025 ᠣᠨ ᠤ ᠡᠬᠢ  ᠪᠣᠯᠲᠠᠯ᠎ᠠ︶᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ  ᠨᠢ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠪᠣᠳᠠᠲᠠᠢ ᠰᠢᠯᠭᠠᠨ ᠠᠪᠬᠤ ᠠᠷᠭ᠎ᠠ ᠶᠢ ᠲᠣᠭᠲᠠᠭᠠᠬᠤ ᠶᠢᠨ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠣᠯᠭᠠᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠦᠬᠦᠢ ᠨᠢᠭᠡᠴᠡ  ᠲᠠᠢ ᠬᠠᠮᠳᠤᠷᠠᠨ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠢ ᠰᠢᠯᠭᠠᠨ ᠠᠪᠴᠤ᠂ ᠰᠢᠯᠭᠠᠨ ᠠᠪᠤᠭᠰᠠᠨ ᠦᠷ᠎ᠡ ᠳ᠋ᠦᠩ ᠨᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠬᠠᠮᠠᠭᠠᠯᠠᠬᠤ ᠨᠥᠬᠦᠪᠥᠷᠢ ᠪᠡᠯᠡ ᠮᠥᠩᠭᠦ ᠶᠢ ᠣᠯᠭᠤᠬᠤ ᠦᠨᠳᠦᠰᠦᠯᠡᠯ ᠪᠣᠯᠭᠠᠨ᠎ᠠ᠃    ︵ᠵᠢᠷᠭᠤᠭ᠎ᠠ︶ ᠳ᠋ᠠᠶᠢᠲ᠋ᠠ ᠶᠢᠨ ᠰᠠᠭᠤᠷᠢ ᠶᠢ  ᠪᠠᠳᠤᠳᠬᠠᠨ᠎ᠠ᠃    ᠬᠤᠲᠠ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠭᠠᠵᠠᠷ ᠲᠠᠢ ᠬᠠᠮᠵᠢᠯᠴᠠᠨ  ᠵᠤᠯᠤᠮ᠎ᠠ ᠪᠦᠷᠬᠦᠪᠴᠢ ᠶᠢᠨ ᠪᠦᠷᠬᠦᠴᠡ ᠶᠢᠨ ᠥᠪᠡᠷ ᠤᠨ ᠥᠷᠲᠡᠭ ᠢ ᠲᠦᠰᠦᠭᠯᠡᠨ ᠪᠣᠳᠣᠬᠤ᠂  ᠵᠤᠯᠤᠮ᠎ᠠ ᠪᠦᠷᠬᠦᠪᠴᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠪᠠ  ᠵᠤᠯᠤᠮ᠎ᠠ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠦᠨ᠎ᠡ᠃  ᠵᠤᠵᠠᠭᠠᠷᠠᠭᠤᠯᠤᠭᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ 2 ᠲᠦᠮᠡᠨ ᠮᠦ ᠪᠦᠷᠢ ᠳᠤ ᠨᠠᠭᠠᠳᠤ ᠵᠠᠬ᠎ᠠ ᠳᠤ ᠪᠠᠨ 1 ᠬᠢᠨᠠᠨ ᠬᠡᠮᠵᠢᠬᠦ ᠴᠡᠭ ᠤᠨ ᠪᠠᠷᠢᠮᠵᠢᠶ᠎ᠠ ︵2 ᠲᠦᠮᠡᠨ ᠮᠦ ᠬᠦᠷᠬᠦ ᠦᠭᠡᠢ ᠪᠣᠯ 1 ᠶᠢ ᠪᠠᠶᠢᠷᠢᠯᠠᠭᠤᠯᠤᠨ᠎ᠠ︶  ᠪᠠᠷ ᠪᠠᠶᠢᠷᠢᠯᠠᠭᠤᠯᠵᠤ᠂ ᠬᠢᠨᠠᠨ ᠬᠡᠮᠵᠢᠬᠦ ᠴᠡᠭ ᠨᠢ ᠤᠯᠤᠰ ᠤᠨ ᠡᠵᠡᠮᠳᠡᠯ ᠤᠨ ᠴᠡᠭ᠂  ᠲᠤᠭᠤᠷᠢᠭ ᠤᠨ ᠡᠵᠡᠮᠳᠡᠯ ᠤᠨ ᠴᠡᠭ᠂ ᠲᠤᠭᠤᠷᠢᠭ ᠤᠨ ᠡᠵᠡᠮᠳᠡᠯ ᠤᠨ ᠨᠢᠭᠲᠠᠷᠠᠭᠤᠯᠬᠤ ᠴᠡᠭ ᠲᠠᠢ ᠳᠠᠪᠬᠤᠴᠠᠬᠤ ᠦᠭᠡᠢ᠃ ᠪᠦᠷᠬᠦᠪᠴᠢ ᠬᠡᠷᠡᠭᠯᠡᠬᠦ ᠭᠤᠣᠯ  ᠲᠠᠷᠢᠮᠠᠯ ᠳᠤ ᠴᠢᠭᠯᠡᠭᠦᠯᠦᠨ᠂ ᠡᠩ ᠤᠨ PE  ᠵᠤᠯᠤᠮ᠎ᠠ ᠪᠦᠷᠬᠦᠪᠴᠢ᠂  ᠵᠤᠵᠠᠭᠠᠷᠠᠭᠤᠯᠤᠭᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ᠂ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ  ᠵᠡᠷᠭᠡ ᠶᠢᠨ ᠠᠳᠠᠯᠢ ᠪᠦᠷᠬᠦᠭᠦᠯ ᠤᠨ ᠨᠥᠬᠦᠴᠡᠯ ᠳᠣᠣᠷ᠎ᠠ ᠮᠦ ᠪᠦᠷᠢ ᠶᠢᠨ ᠳᠤᠮᠳᠠᠴᠢ ᠪᠦᠷᠬᠦᠪᠴᠢ ᠳᠤ ᠬᠡᠷᠡᠭᠯᠡᠬᠦ ᠬᠡᠮᠵᠢᠶ᠎ᠡ ᠪᠠ ᠥᠪᠡᠷ ᠤᠨ ᠥᠷᠲᠡᠭ ᠢ ᠲᠦᠰᠦᠭᠯᠡᠨ ᠪᠣᠳᠣᠨ᠎ᠠ᠃ ᠲᠤᠰ ᠭᠠᠵᠠᠷ ᠣᠷᠣᠨ ᠤ ᠲᠤᠬᠠᠢ ᠶᠢᠨ ᠵᠢᠯ ᠳᠤ  ᠬᠡᠷᠡᠭᠯᠡᠭᠰᠡᠨ 2 ᠵᠦᠢᠯ ᠤᠨ ᠭᠤᠣᠯ ᠪᠣᠯᠬᠤ  ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ᠂ 2 ᠵᠦᠢᠯ ᠳᠤ  ᠭᠤᠣᠯ ᠪᠣᠯᠬᠤ ᠵᠤᠵᠠᠭᠠᠷᠠᠭᠤᠯᠤᠭᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ᠂ 1 ᠵᠦᠢᠯ ᠤᠨ ᠡᠩ ᠤᠨ PE ᠵᠤᠯᠤᠮ᠎ᠠ ᠪᠦᠷᠬᠦᠪᠴᠢ  ᠶᠢ ᠰᠣᠩᠭᠤᠨ ᠬᠦᠷᠭᠡᠵᠦ ᠰᠢᠯᠭᠠᠨ ᠪᠠᠶᠢᠴᠠᠭᠠᠯᠭᠠᠨ᠎ᠠ᠃    ᠳᠥᠷᠪᠡ᠂ ᠨᠥᠬᠦᠪᠥᠷᠢ ᠶᠢᠨ ᠪᠠᠷᠢᠮᠵᠢᠶ᠎ᠠ ᠵᠢᠴᠢ ᠨᠥᠬᠦᠪᠥᠷᠢ ᠣᠯᠭᠤᠬᠤ ᠡᠲᠡᠭᠡᠳ        ᠨᠥᠬᠦᠪᠥᠷᠢ ᠣᠯᠭᠤᠬᠤ ᠡᠲᠡᠭᠡᠳ ᠪᠣᠯ ᠲᠣᠭᠲᠠᠭᠠᠯ ᠳᠤ ᠨᠡᠶᠢᠴᠡᠬᠦ ᠵᠤᠯᠤᠮ᠎ᠠ ᠪᠦᠷᠬᠦᠪᠴᠢ ᠶᠢ ᠬᠤᠳᠠᠯᠳᠤᠨ ᠠᠪᠴᠤ ᠬᠡᠷᠡᠭᠯᠡᠬᠦ ᠲᠠᠷᠢᠶᠠᠴᠢᠨ ᠡᠷᠦᠬᠡ᠂  ᠬᠤᠷᠰᠢᠶᠠᠵᠢᠯ ᠪᠠ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ᠎ᠠ᠃ ᠰᠢᠭᠤᠳ ᠨᠥᠬᠦᠪᠥᠷᠢ ᠥᠭᠬᠦ᠂ ᠳᠠᠮ ᠢᠶᠠᠷ ᠨᠥᠬᠦᠪᠥᠷᠢ ᠥᠭᠬᠦ ᠪᠤᠶᠤ ᠪᠣᠳᠠᠰ ᠢᠶᠠᠷ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠠᠪᠴᠤ᠂ ᠲᠠᠷᠢᠶᠠᠴᠢᠳ ᠤᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠴᠢᠳ ᠤᠨ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠢ᠃ ᠵᠤᠵᠠᠭᠠᠷᠠᠭᠤᠯᠤᠭᠰᠠᠨ ᠶᠡᠭᠡ ᠡᠷᠴᠢᠳᠡᠢ ᠵᠤᠯᠤᠮ᠎ᠠ ᠪᠦᠷᠬᠦᠪᠴᠢ ᠮᠦ  ᠪᠦᠷᠢ 25 ᠲᠥᠭᠦᠷᠢᠭ᠂ ᠨᠥᠬᠦᠪᠥᠷᠢ ᠶᠢᠨ ᠲᠠᠯᠠᠪᠠᠢ ᠶᠢ 5.5 ᠲᠦᠮᠡᠨ ᠮᠦ᠂ ᠨᠥᠬᠦᠪᠥᠷᠢ ᠪᠡᠯᠡ ᠮᠥᠩᠭᠦ ᠶᠢ 137.5 ᠲᠦᠮᠡᠨ ᠲᠥᠭᠦᠷᠢᠭ︔  ᠪᠦᠷᠢᠨ ᠠᠮᠢᠳᠤ ᠪᠣᠳᠠᠰ ᠤᠨ ᠵᠠᠳᠠᠷᠠᠯᠳᠠ ᠶᠢᠨ ᠵᠤᠯᠤᠮ᠎ᠠ  ᠪᠦᠷᠬᠦᠪᠴᠢ ᠮᠦ  ᠪᠦᠷᠢ 120 ᠲᠥᠭᠦᠷᠢᠭ᠂ ᠨᠥᠬᠦᠪᠥᠷᠢ ᠥᠭᠬᠦ ᠲᠠᠯᠠᠪᠠᠢ ᠨᠢ 0.2 ᠲᠦᠮᠡᠨ ᠮᠦ᠂ ᠨᠥᠬᠦᠪᠥᠷᠢ ᠪᠡᠯᠡ ᠮᠥᠩᠭᠦ ᠨᠢ 24 ᠲᠦᠮᠡᠨ ᠲᠥᠭᠦᠷᠢᠭ ᠪᠣᠯᠤᠨ᠎ᠠ᠃ ᠪᠦᠷᠢᠨ ᠠᠮᠢᠳᠤ ᠪᠣᠳᠠᠰ ᠤᠨ ᠵᠠᠳᠠᠷᠠᠯᠳᠠ ᠶᠢᠨ ᠵᠤᠯᠤᠮ᠎ᠠ ᠪᠦᠷᠬᠦᠪᠴᠢ  ᠶᠢᠨ ᠬᠠᠷᠢᠴᠠᠭᠤᠯᠤᠯ  ᠰᠢᠯᠭᠠᠨ ᠪᠠᠲᠤᠯᠠᠬᠤ ᠦᠨᠡᠯᠡᠯᠲᠡ 30 ᠲᠦᠮᠡᠨ ᠲᠥᠭᠦᠷᠢᠭ᠃ ᠭᠤᠷᠪᠠᠨ ᠵᠦᠢᠯ ᠨᠡᠶᠢᠲᠡ 191.5 ᠲᠦᠮᠡᠨ ᠲᠥᠭᠦᠷᠢᠭ ᠃     ᠲᠠᠪᠤ᠂ ᠬᠠᠷᠢᠭᠤᠴᠠᠯᠭ᠎ᠠ ᠶᠢᠨ ᠬᠤᠪᠢᠶᠠᠷᠢᠯᠠᠯ    ︵ᠨᠢᠭᠡ︶  ᠵᠤᠯᠤᠮ᠎ᠠ ᠪᠦᠷᠬᠦᠪᠴᠢ ᠶᠢᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃    ᠵᠤᠯᠤᠮ᠎ᠠ ᠪᠦᠷᠬᠦᠪᠴᠢ ᠶᠢᠨ ᠦᠢᠯᠡᠳᠪᠦᠷᠢᠯᠡᠯ ᠤᠨ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠪᠤᠰᠤ ᠵᠤᠯᠤᠮ᠎ᠠ ᠪᠦᠷᠬᠦᠪᠴᠢ ᠶᠢ ᠦᠢᠯᠡᠳᠪᠦᠷᠢᠯᠡᠬᠦ ᠪᠠ ᠪᠣᠷᠣᠯᠠᠭᠤᠯᠬᠤ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠵᠤᠯᠤᠮ᠎ᠠ ᠪᠦᠷᠬᠦᠪᠴᠢ ᠶᠢ ᠪᠣᠷᠣᠯᠠᠭᠤᠯᠵᠤ ᠬᠡᠷᠡᠭᠯᠡᠬᠦ ᠵᠠᠩᠭᠢᠯᠠᠭ᠎ᠠ ᠶᠢᠨ ᠦᠶ᠎ᠡ ᠳᠤ ᠂ ᠡᠯ᠎ᠡ ᠭᠠᠵᠠᠷ  ᠢ ᠵᠤᠬᠢᠶᠠᠨ ᠪᠠᠶᠢᠭᠤᠯᠵᠤ ᠵᠤᠯᠤᠮ᠎ᠠ ᠪᠦᠷᠬᠦᠪᠴᠢ ᠶᠢᠨ ᠦᠢᠯᠡᠳᠬᠦᠨ ᠤ ᠶᠠᠰᠤ ᠴᠢᠨᠠᠷ ᠲᠤ ᠲᠤᠰᠬᠠᠢ ᠬᠢᠨᠠᠯᠲᠠ ᠲᠠᠯᠪᠢᠵᠤ ᠪᠠᠶᠢᠴᠠᠭᠠᠵᠤ᠂ 0.01mm ᠠᠴᠠ ᠳᠣᠷᠣᠭᠰᠢᠬᠢ ᠪᠥᠭᠡᠭᠡᠨᠡᠷᠡᠯ ᠡᠲ᠋ᠢᠯᠧᠨ ᠤ ᠰᠦᠯᠢᠶᠣᠣ ᠪᠦᠷᠬᠦᠪᠴᠢ ᠶᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ  ᠤᠨ ᠬᠤᠳᠠᠯ ᠬᠠᠭᠤᠷᠮᠠᠭ ᠪᠠᠶᠢᠳᠠᠯ ᠳᠤ ᠴᠣᠬᠢᠯᠲᠠ  ᠦᠭᠴᠦ ᠲᠤᠰᠬᠠᠢ  ᠵᠠᠰᠠᠵᠤ ᠬᠢᠨᠠᠠ  ᠬᠠᠮᠢᠶᠠᠷᠬᠤ ᠠᠵᠢᠯ ᠤᠨ ᠭᠤᠣᠯᠳᠠᠯᠭ᠎ᠠ ᠳᠤ ᠵᠢᠭᠰᠠᠭᠠᠨ ᠣᠷᠣᠭᠤᠯᠵᠤ᠂ 0.01mm ᠠᠴᠠ ᠳᠣᠷᠣᠭᠰᠢᠬᠢ ᠪᠥᠭᠡᠭᠡᠨᠡᠷᠡᠯ ᠡᠲ᠋ᠢᠯᠧᠨ ᠤ  ᠵᠤᠯᠤᠮ᠎ᠠ ᠪᠦᠷᠬᠦᠪᠴᠢ ᠶᠢ ᠪᠣᠷᠣᠯᠠᠭᠤᠯᠬᠤ ᠠᠵᠢᠯᠯᠠᠭ᠎ᠠ ᠳᠤ  ᠬᠦᠨᠳᠦ ᠴᠣᠬᠢᠯᠲᠠ ᠥᠭᠴᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠦᠭᠡᠢ  ᠵᠤᠯᠤᠮ᠎ᠠ ᠪᠦᠷᠬᠦᠪᠴᠢ ᠶᠢ ᠪᠣᠷᠣᠯᠠᠭᠤᠯᠬᠤ ᠦᠢᠯᠡ ᠠᠵᠢᠯᠯᠠᠭ᠎ᠠ  ᠶᠢ ᠴᠢᠩᠭ᠎ᠠ ᠰᠡᠷᠭᠡᠶᠢᠯᠡᠨ᠎ᠡ᠃ ᠪᠠᠷᠢᠮᠵᠢᠶ᠎ᠠ ᠪᠤᠰᠤ  ᠵᠤᠯᠤᠮ᠎ᠠ ᠪᠦᠷᠬᠦᠪᠴᠢ ᠶᠢ ᠦᠢᠯᠡᠳᠪᠦᠷᠢᠯᠡᠵᠦ᠂ ᠪᠣᠷᠣᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠬᠤᠶᠠᠷ︶  ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠵᠢᠯᠣᠭᠤᠳᠤᠨ᠎ᠠ᠃    ᠵᠤᠯᠤᠮ᠎ᠠ  ᠪᠦᠷᠬᠦᠪᠴᠢ ᠶᠢᠨ ᠬᠡᠷᠡᠭᠯᠡᠯᠲᠡ ᠶᠢ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠵᠤᠯᠤᠮ᠎ᠠ ᠪᠦᠷᠬᠦᠪᠴᠢ  ᠶᠢᠨ ᠪᠦᠷᠬᠦᠴᠡ ᠶᠢᠨ ᠮᠡᠷᠭᠡᠵᠢᠯ ᠢ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠴᠢᠩᠭᠠᠳᠬᠠᠵᠤ᠂ ᠵᠤᠵᠠᠭᠠᠨ ᠨᠢ 0. 01mm ᠠᠴᠠ ᠶᠡᠭᠡ ᠪᠠᠶᠢᠳᠠᠭ ᠪᠥᠭᠡᠭᠡᠨᠡᠷᠡᠯ ᠡᠲ᠋ᠢᠯᠧᠨ ᠤ ᠪᠠᠷᠢᠮᠵᠢᠶᠠᠲᠤ ᠵᠤᠯᠤᠮ᠎ᠠ ᠪᠦᠷᠬᠦᠪᠴᠢ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃  ᠪᠦᠷᠢᠨ ᠠᠮᠢᠳᠤ ᠪᠣᠳᠠᠰ ᠤᠨ ᠵᠠᠳᠠᠷᠠᠯᠳᠠ ᠶᠢᠨ ᠵᠤᠯᠤᠮ᠎ᠠ ᠪᠦᠷᠬᠦᠪᠴᠢ  ᠶᠢᠨ  ᠬᠡᠷᠡᠭᠯᠡᠯᠲᠡ ᠶᠢᠨ ᠣᠷᠣᠯᠠᠭᠤᠯᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠭᠴᠢ ᠶᠢᠨ ᠪᠦᠷᠢᠨ ᠠᠮᠢᠳᠤ ᠪᠣᠳᠠᠰ ᠤᠨ ᠵᠠᠳᠠᠷᠠᠯᠳᠠ ᠶᠢᠨ ᠵᠤᠯᠤᠮ᠎ᠠ ᠪᠦᠷᠬᠦᠪᠴᠢ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ︶    ︵ᠭᠤᠷᠪᠠ︶ ᠰᠦᠯᠢᠶᠣᠣ ᠪᠦᠷᠬᠦᠪᠴᠢ ᠶᠢ ᠢᠯᠭᠠᠷᠠᠭᠤᠯᠤᠨ ᠬᠤᠷᠢᠶᠠᠵᠤ ᠠᠪᠬᠤ ᠵᠢᠴᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠎ᠠ᠃    ᠨᠢᠭᠡ ᠳᠤ᠂ ᠲᠠᠷᠢᠶᠠᠯᠠᠩ ‍ᠤᠨ‌ᠵᠠᠩᠭᠢᠯᠠᠭ᠎ᠠ ᠶᠢᠨ ᠴᠠᠭ ᠤᠯᠠᠷᠢᠯ ᠳᠤ ᠬᠠᠶᠠᠭᠳᠠᠮᠠᠯ ᠵᠤᠯᠤᠮ᠎ᠠ ᠪᠦᠷᠬᠦᠪᠴᠢ ᠶᠢ ᠲᠥᠪᠯᠡᠷᠡᠭᠦᠯᠦᠨ ᠲᠡᠭᠦᠵᠦ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠤᠨ  ᠦᠷᠨᠢᠭᠦᠯᠦᠨ᠎ᠡ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠬᠤᠷᠢᠶᠠᠨ ᠠᠪᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢᠨ ᠬᠠᠮᠲᠤ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠠᠢ ᠬᠠᠮᠵᠢᠯᠴᠠᠨ ᠲᠠᠷᠢᠶᠠᠨ ᠭᠠᠵᠠᠷ ᠤᠨ ᠦᠯᠡᠳᠡᠭᠳᠡᠯ  ᠵᠤᠯᠤᠮ᠎ᠠ ᠪᠦᠷᠬᠦᠪᠴᠢ ᠶᠢᠨ ᠬᠠᠤᠯᠢ  ᠬᠡᠷᠡᠭᠵᠢᠭᠦᠯᠦᠨ ᠲᠣᠭᠤᠷᠢᠨ ᠪᠠᠶᠢᠴᠠᠭᠠᠯᠲᠠ  ᠬᠢᠨ᠎ᠡ᠃ ᠵᠤᠯᠤᠮ᠎ᠠ ᠪᠦᠷᠬᠦᠪᠴᠢ ᠶᠢ ᠲᠥᠪᠯᠡᠷᠡᠭᠦᠯᠦᠨ ᠦᠢᠯᠡᠳᠪᠦᠷᠢᠯᠡᠬᠦ ᠣᠷᠣᠨ ᠪᠦᠰᠡ ᠳᠤ ᠡᠭᠡᠭᠦᠯᠦᠨ ᠬᠤᠷᠢᠶᠠᠬᠤ ᠥᠷᠲᠡᠭᠡ ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠥᠬᠦᠴᠡᠯ ᠲᠠᠢ ᠭᠠᠵᠠᠷ ᠣᠷᠣᠨ ᠤ ᠮᠠᠰᠢᠨᠴᠢᠯᠠᠯᠲᠠ ᠪᠠᠷ ᠨᠢᠭᠡᠳᠦᠯᠲᠡᠢ ᠲᠡᠭᠦᠵᠦ  ᠬᠤᠷᠢᠶᠠᠬᠤ ᠶᠢ ᠵᠣᠷᠢᠭᠵᠢᠭᠤᠯᠤᠨ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢ ᠡᠭᠡᠭᠦᠯᠦᠨ ᠬᠤᠷᠢᠶᠠᠵᠤ ᠬᠠᠳᠠᠭᠠᠯᠠᠵᠤ ᠲᠡᠭᠡᠭᠡᠪᠦᠷᠢᠯᠡᠬᠦ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠨ᠂ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨᠴᠢᠯᠠᠭᠰᠠᠨ ᠮᠡᠷᠭᠡᠵᠢᠯ  ᠪᠠ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠬᠤ ᠶᠢ ᠴᠢᠩᠭᠠᠳᠬᠠᠵᠤ᠂ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠰᠢᠨᠡᠴᠢᠯᠡᠯᠲᠡ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ︶    ᠬᠤᠶᠠᠷ ᠲᠤ᠂ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠪᠠ᠃ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠰᠢᠭᠯᠠᠬᠤ ᠦᠨ᠎ᠡ ᠥᠷᠲᠡᠭ ᠲᠠᠢ ᠬᠠᠶᠠᠭᠳᠠᠮᠠᠯ ᠲᠠᠷᠢᠶᠠᠯᠠᠩ  ᠤᠨ ᠭᠡᠷᠡᠭᠯᠡᠭᠡᠨ ᠤ ᠨᠢᠮᠭᠡᠨ ᠪᠦᠷᠬᠦᠪᠴᠢ ᠶᠢᠨ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠳᠠᠬᠢᠨ ᠮᠥᠬᠦᠯᠢᠭ  ᠪᠣᠯᠭᠠᠬᠤ ᠪᠠ ᠲᠦᠯᠡᠰᠢ ᠪᠣᠯᠭᠠᠨ᠎ᠠ ᠂ ᠡᠰᠡᠭᠦᠯ᠎ᠠ ᠰᠦᠯᠢᠶᠣᠣ ᠪᠦᠲᠦᠭᠡᠭᠳᠡᠬᠦᠨ ᠦᠢᠯᠡᠳᠬᠦ ᠵᠡᠷᠭᠡ ᠦᠯᠡᠳᠡᠭᠳᠡᠯ ᠪᠦᠷᠬᠦᠪᠴᠢ ᠶᠢ ᠡᠬᠢ ᠪᠠᠶᠠᠯᠢᠭᠵᠢᠭᠤᠯᠤᠨ ᠠᠰᠢᠭᠯᠠᠪᠠᠯ ᠳᠣᠭᠢᠷᠠᠨ᠎ᠠ᠄ ᠠᠰᠢᠭᠯᠠᠬᠤ ᠦᠨ᠎ᠡ ᠥᠷᠲᠡᠭ ᠦᠭᠡᠢ ᠬᠤᠯᠢᠮᠠᠭ ᠠᠭᠤᠯᠤᠭᠳᠠᠴᠠ ᠪᠠᠷ ᠥᠨᠳᠥᠷ᠂ ᠢᠯᠭᠠᠬᠤ ᠳᠤ ᠬᠦᠴᠢᠷᠲᠡᠢ᠂ ᠳᠠᠬᠢᠨ ᠠᠰᠢᠭᠯᠠᠬᠤ ᠦᠨ᠎ᠡ ᠥᠷᠲᠡᠭ ᠢᠶᠠᠷ ᠳᠣᠣᠷ᠎ᠠ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠴᠠᠭ ᠲᠤᠬᠠᠢ ᠳᠤᠨᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ︶    ︵ᠲᠦᠷᠪᠡ︶ ᠬᠠᠶᠠᠭᠳᠠᠮᠠᠯ ᠬᠠᠭᠤᠴᠢᠨ ᠵᠤᠯᠤᠮ᠎ᠠ  ᠪᠦᠷᠬᠦᠪᠴᠢ ᠶᠢᠨ ᠦᠯᠡᠳᠡᠭᠳᠡᠯ ᠢ ᠬᠢᠨᠠᠨ ᠰᠢᠨᠵᠢᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃    ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢ ᠵᠢᠯᠣᠭᠤᠳᠤᠨ ᠲᠣᠰᠬᠤᠨ᠂ ᠰᠢᠶᠠᠩ᠂ ᠰᠢᠶᠠᠨ ᠭᠤᠷᠪᠠᠨ ᠱᠠᠲᠤᠨ ᠤ  ᠵᠤᠯᠤᠮ᠎ᠠ ᠪᠦᠷᠬᠦᠪᠴᠢ  ᠶᠢ ᠭᠡᠷᠡᠭᠯᠡᠨ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠭᠦᠨ ᠤ ᠬᠠᠮᠲᠤ  ᠵᠤᠵᠠᠭᠠᠷᠠᠭᠤᠯᠤᠭᠰᠠᠨ ᠵᠤᠯᠤᠮ᠎ᠠ ᠪᠦᠷᠬᠦᠪᠴᠢ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠ ᠮᠡᠳᠡᠭᠦᠯᠦᠯᠲᠡ ᠶᠢ ᠴᠠᠭ ᠲᠤᠬᠠᠢ ᠳᠤᠨᠢ ᠲᠤᠰᠢᠶᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ︶    ︵ᠲᠠᠪᠤ︶  ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠤᠬᠠᠭᠤᠯᠭ᠎ᠠ ᠪᠣᠯᠪᠠᠰᠤᠷᠠᠭᠤᠯᠤᠯ ᠤᠨ ᠲᠤᠰᠬᠠᠢ ᠰᠡᠳᠦᠪᠲᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃    ᠨᠡᠶᠢᠲᠡᠯᠢᠭ ᠴᠢᠨᠠᠷᠲᠠᠢ  ᠪᠦᠷᠭᠦᠪᠴᠢ ᠭᠡᠷᠡᠭᠯᠡᠬᠦ ᠣᠷᠣᠨ ᠪᠦᠰᠡ ᠪᠠ ᠭᠤᠣᠯ ᠪᠣᠯᠬᠤ  ᠵᠤᠯᠤᠮ᠎ᠠ ᠪᠦᠷᠬᠦᠪᠴᠢ ᠶᠢᠨ ᠲᠠᠷᠢᠮᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠲᠠᠷᠢᠶᠠᠯᠠᠩ ᠤᠨ ᠦᠶ᠎ᠡ ᠳᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠤᠬᠠᠭᠤᠯᠭ᠎ᠠ ᠪᠣᠯᠪᠠᠰᠤᠷᠠᠭᠤᠯᠤᠯ ᠤᠨ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠵᠦ᠂ ᠵᠤᠯᠤᠮ᠎ᠠ  ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠣᠷᠣᠯᠠᠭᠤᠯᠬᠤ ᠮᠡᠷᠭᠡᠵᠢᠯ ᠢ ᠤᠬᠠᠭᠤᠯᠤᠨ ᠲᠠᠶᠢᠯᠪᠤᠷᠢᠯᠠᠵᠤ᠂ ᠪᠠᠷᠢᠮᠵᠢᠶᠠᠲᠤ  ᠵᠤᠯᠤᠮ᠎ᠠ ᠪᠦᠷᠬᠦᠪᠴᠢ᠂ ᠪᠦᠷᠢᠨ‌ᠠᠮᠢᠳᠤ ᠪᠣᠳᠠᠰ ᠤᠨ ᠵᠠᠳᠠᠷᠠᠯᠳᠠ ᠶᠢᠨ ᠪᠦᠷᠬᠦᠪᠴᠢ ᠵᠡᠷᠭᠡ  ᠶᠢ ᠲᠠᠷᠢᠮᠠᠯ ᠳᠤ ᠪᠦᠷᠬᠦᠬᠦ ᠪᠠ ᠡᠭᠡᠭᠦᠯᠦᠨ ᠬᠤᠷᠢᠶᠠᠵᠤ ᠰᠢᠢᠳᠪᠦᠷᠢᠯᠡᠬᠦ ᠲᠤᠬᠠᠢ ᠶᠢᠨ ᠲᠠᠯᠠᠪᠠᠢ ᠶᠢ ᠲᠣᠭᠤᠷᠢᠨ  ᠦᠵᠡᠨ᠎ᠡ᠃  ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ︶    ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃    ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠣᠭᠤᠷᠢᠭ ᠤᠨ ᠡᠳ᠋ ᠤᠨ ᠵᠠᠰᠠᠭ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ  ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠠ ᠬᠠᠮᠢᠶ᠎ᠠ ᠪᠦᠬᠦᠢ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠤᠨ ᠤᠳᠤᠷᠢᠳᠬᠤ ᠳᠤᠭᠤᠶᠢᠯᠠᠩ ︵ᠪᠣᠳᠠᠲᠠᠢ ᠪᠦᠷᠢᠯᠳᠦᠬᠦᠨ ᠤ ᠨᠡᠷᠡᠰ ᠢ ᠳᠠᠭᠠᠯᠳᠤᠭᠤᠯᠤᠯ 1 ᠳᠤ ᠦᠵᠡᠭᠡᠷᠡᠢ︶  ᠪᠠᠶᠢᠭᠤᠯᠵᠤ᠂ ᠵᠠᠰᠠᠭ ᠤᠨ ᠣᠷᠳᠣᠨ ᠵᠣᠬᠢᠶᠠᠨ  ᠪᠠᠶᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ  ᠠᠴᠠ ᠵᠢᠯᠥᠭᠤᠳᠤᠯᠭ᠎ᠠ ᠬᠢᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠵᠢᠯ ᠬᠤᠪᠢᠶᠠᠷᠢᠯᠠᠨ  ᠬᠠᠮᠵᠢᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠦᠬᠦ ᠲᠣᠭᠤᠷᠢᠭ ᠤᠨ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠢ ᠵᠣᠬᠢᠶᠠᠨ  ᠪᠠᠶᠢᠭᠤᠯᠵᠤ ᠬᠡᠷᠡᠭᠵᠢᠭᠦᠯᠦᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ  ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠳᠣᠭᠢᠷᠠᠭᠤᠯᠵᠤ᠂ ᠬᠡᠷᠡᠭᠵᠢᠭᠦᠯᠬᠦ ᠲᠥᠰᠦᠯ ᠲᠣᠭᠲᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠢᠳᠡᠪᠬᠢᠲᠡᠢ ᠪᠠᠷ  ᠬᠠᠮᠵᠢᠯᠴᠠᠭᠤᠯᠬᠤ ᠵᠡᠷᠭᠡ ᠠᠵᠢᠯ ᠢ  ᠬᠠᠷᠢᠭᠤᠴᠠᠨ᠎ᠠ᠃    ︵ᠬᠤᠶᠠᠷ︶ ᠪᠡᠯᠡ ᠮᠥᠩᠭᠦ ᠶᠢᠨ ᠬᠠᠮᠢᠶᠠᠷᠤᠯᠲᠠ ᠶᠢ  ᠴᠢᠩᠭᠠᠳᠬᠠᠨ᠎ᠠ᠃    ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ  ᠤᠨ ᠲᠥᠷᠥᠯ ᠵᠦᠢᠯ ᠨᠢ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠳᠤ ᠬᠠᠷᠢᠶᠠᠯᠠᠭᠳᠠᠨ᠎ᠠ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠡᠮᠬᠢᠯᠡᠨ ᠨᠡᠶᠢᠯᠡᠭᠦᠯᠬᠦ ᠪᠤᠶᠤ ᠬᠤᠪᠢᠷᠠᠭᠤᠯᠵᠤ ᠪᠣᠯᠬᠤ ᠦᠭᠡᠢ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠪᠠᠲᠤᠯᠠᠨ᠎ᠠ᠃ ᠨᠢᠭᠡᠨᠲᠡ ᠪᠠᠭᠤᠯᠭᠠᠭᠰᠠᠨ ᠡᠭᠦᠷᠭᠡ ᠶᠢᠨ ᠬᠡᠮᠵᠢᠶ᠎ᠡ ︵ᠳᠠᠭᠠᠯᠳᠤᠭᠤᠯᠤᠯ 2︶ ᠪᠠ ᠪᠡᠯᠡ ᠮᠥᠩᠭᠦ ᠶᠢ ᠦᠨᠳᠦᠰᠦᠯᠡᠨ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠨ᠎ᠠ᠃ ᠡᠭᠦᠷᠭᠡ ᠬᠠᠷᠠᠯᠲᠠ ᠪᠠᠨ ᠦᠨᠡᠨᠬᠦ ᠪᠡᠶᠡᠯᠡᠭᠦᠯᠦᠭᠰᠡᠨ ᠤᠷᠢᠲᠠᠯ ᠳᠣᠣᠷ᠎ᠠ᠂ ᠵᠣᠬᠢᠬᠤ ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠡᠭᠡᠭᠦᠯᠦᠨ ᠬᠤᠷᠢᠶᠠᠵᠤ ᠡᠳ᠋ᠰᠢᠭᠦᠯᠬᠦ ᠠᠵᠤ ᠠᠬᠤᠶᠢᠯᠠᠯ᠂ ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠵᠣᠬᠢᠶᠠᠨ ᠪᠠᠶᠢᠭᠤᠯᠤᠯᠲᠠ ᠵᠡᠷᠭᠡ ᠳᠤ ᠵᠣᠬᠢᠰᠲᠠᠢ ᠳᠡᠮᠵᠢᠯᠭᠡ ᠦᠵᠡᠭᠦᠯᠵᠦ ᠪᠣᠯᠤᠨ᠎ᠠ᠃  ︽ᠳᠦᠷᠢᠮ︾ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ  ᠤᠨ ᠭᠡᠷᠡᠭᠯᠡᠭᠡᠨ ᠤ ᠵᠤᠯᠤᠮ᠎ᠠ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠪᠠᠷ ᠴᠢᠷᠮᠠᠶᠢᠵᠤ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ  ᠶᠢ ᠣᠯᠭᠤᠨ ᠥᠭᠬᠦ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠬᠠᠷᠢᠭᠤ ᠲᠤᠰᠬᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃    ︵ᠭᠤᠷᠪᠠ︶ ᠬᠢᠨᠠᠠ ᠬᠠᠮᠢᠶᠠᠷᠤᠯᠲᠠ ᠪᠠᠨ ᠴᠢᠩᠭᠠᠳᠬᠠᠨ᠎ᠠ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠂ ︽ᠲᠠᠷᠢᠶᠠᠯᠠᠩ  ᠤᠨ ᠭᠡᠷᠡᠭᠯᠡᠭᠡᠨ ᠤ ᠵᠤᠯᠤᠮ᠎ᠠ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠭᠡᠷᠡᠭᠯᠡᠭᠡᠨ ᠤ ᠵᠤᠯᠤᠮ᠎ᠠ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︵ᠳᠠᠭᠠᠯᠳᠤᠭᠤᠯᠤᠯ 3︶ ᠵᠡᠷᠭᠡ ᠶᠢ ᠴᠢᠩᠭ᠎ᠠ ᠵᠢᠷᠤᠮᠯᠠᠨ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠠᠢ ᠤᠶᠠᠯᠳᠤᠭᠤᠯᠤᠨ᠂ ᠵᠤᠯᠤᠮ᠎ᠠ ᠪᠦᠷᠬᠦᠪᠴᠢ ᠶᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠭᠤᠭᠴᠤᠭ᠎ᠠ ᠶᠢ ᠬᠢᠨᠠᠨ ᠬᠠᠮᠢᠶᠠᠷᠬᠤ ᠪᠠ ᠵᠢᠯᠣᠭᠤᠳᠬᠤ ᠶᠢ  ᠴᠢᠩᠭᠠᠳᠬᠠᠨ᠎ᠠ᠃  ᠵᠤᠵᠠᠭᠠᠷᠠᠭᠤᠯᠤᠭᠰᠠᠨ  ᠴᠢᠩᠭ᠎ᠠ ᠡᠷᠴᠢ ᠲᠠᠢ ᠵᠤᠯᠤᠮ᠎ᠠ ᠪᠦᠷᠬᠦᠪᠴᠢ  ᠪᠣᠯᠤᠨ  ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠵᠤᠯᠤᠮ᠎ᠠ ᠪᠦᠷᠬᠦᠪᠴᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂  ᠲᠤᠭᠤᠷᠢᠭ  ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠲᠠᠢ ᠬᠠᠮᠵᠢᠯᠴᠠᠨ ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠵᠤᠯᠤᠮ᠎ᠠ ᠪᠦᠷᠬᠦᠪᠴᠢ  ᠬᠠᠩᠭᠠᠬᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠵᠦ᠂ ᠬᠡᠷᠡᠭᠯᠡᠵᠦ ᠪᠠᠶᠢᠭ᠎ᠠ ᠦᠢᠯᠡᠳᠬᠦᠨ ᠤ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠬᠦᠷᠬᠦ ᠶᠢ ᠦᠨᠡᠨᠬᠦ ᠪᠠᠲᠤᠯᠠᠬᠤ ᠬᠡᠷᠡᠭᠲᠡᠢ᠃ ︽ᠲᠠᠷᠢᠶᠠᠯᠠᠩ  ᠤᠨ ᠭᠡᠷᠡᠭᠯᠡᠭᠡᠨ ᠤ ᠵᠤᠯᠤᠮ᠎ᠠ ᠪᠦᠷᠬᠦᠪᠴᠢ  ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ  ᠰᠢᠨᠵᠢᠯᠡᠭᠡ ᠲᠠᠷᠬᠠᠭᠠᠭᠰᠠᠨ ︹2023︺ 310 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠤᠭᠤᠳ ᠬᠠᠮᠲᠤᠷᠠᠨ ᠵᠤᠯᠤᠮ᠎ᠠ ᠪᠦᠷᠬᠦᠪᠴᠢ ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠤᠯᠤᠰ ᠤᠨ ᠠᠯᠪᠠᠳᠠᠯᠭ᠎ᠠ ᠶᠢᠨ ᠪᠠᠷᠢᠮᠵᠢᠶ᠎ᠠ ᠳᠤ ᠦᠯᠦ ᠨᠡᠶᠢᠴᠡᠬᠦ ᠵᠤᠯᠤᠮ᠎ᠠ ᠪᠦᠷᠬᠦᠪᠴᠢ ᠶᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠬᠢᠨᠠᠨ  ᠬᠠᠮᠢᠶᠠᠷᠬᠤ ᠭᠦᠴᠦᠯᠡᠴᠡ ᠪᠠᠨ ᠲᠠᠰᠤᠷᠠᠯᠲᠠ ᠥᠬᠡᠶ  ᠨᠡᠮᠡᠭᠳᠡᠭᠦᠯᠦᠨ᠎ᠡ᠃    ︵ᠳᠥᠷᠪᠡ︶ ᠤᠬᠠᠭᠤᠯᠬᠤ ᠡᠷᠴᠢᠮ ᠢᠶᠠᠨ  ᠴᠢᠩᠭᠠᠳᠬᠠᠨ᠎ᠠ᠃    ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠢᠨᠲ᠋ᠧᠷ ᠰᠦᠯᠵᠢᠶ᠎ᠡ᠂  ᠨᠡᠭᠦᠳᠡᠯ ᠬᠤᠯᠪᠤᠭᠠᠨ ᠤ ᠦᠵᠦᠭᠦᠷ  ᠮᠡᠷᠭᠡᠵᠢᠯ᠂ ᠷᠠᠳᠢᠣ᠋ ᠲᠧᠯᠸᠢᠰ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ︽ᠳᠦᠷᠢᠮ︾ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢ ᠴᠠᠭ ᠲᠤᠨᠢ ᠲᠣᠬᠢᠷᠠᠭᠤᠯᠤᠨ ᠰᠣᠩᠭᠤᠵᠤ  ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠵᠤ᠂ ᠣᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ ︽ᠳᠦᠷᠢᠮ︾ ᠢ ᠥᠨᠳᠥᠷ ᠬᠡᠪ  ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠤᠶᠢᠵᠢᠭᠤᠯᠬᠤ ᠵᠡᠷᠭᠡ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠠᠶᠠᠭᠳᠠᠮᠠᠯ ᠬᠠᠭᠤᠴᠢᠨ  ᠵᠤᠯᠤᠮ᠎ᠠ ᠪᠦᠷᠬᠦᠪᠴᠢ ᠶᠢ ᠤᠬᠠᠮᠰᠠᠷ ᠠᠴᠠ ᠪᠠᠨ ᠲᠡᠭᠦᠵᠦ᠂ ᠮᠠᠯᠴᠢᠨ ᠲᠠᠷᠢᠶᠠᠴᠢᠨ ᠤ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠡᠭᠡᠭᠦᠯᠦᠨ ᠬᠤᠷᠢᠶᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ  ᠠᠬᠤᠢ ᠪᠠᠶᠢᠳᠠᠯ ᠢ ᠪᠤᠢ ᠪᠣᠯᠭᠠᠨ᠎ᠠ᠃    ︵ᠲᠠᠪᠤ︶ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠵᠡᠷᠭᠡ  ᠶᠢ ᠰᠢᠯᠭᠠᠨ ᠬᠢᠨᠠᠬᠤ ᠶᠢ ᠴᠢᠩᠳᠠᠯᠠᠨ᠎ᠠ᠃    ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠮᠢᠶ᠎ᠠ ᠪᠦᠬᠦᠢ ᠡᠬᠡ ᠳᠠᠩᠰᠠ ︵ᠳᠠᠭᠠᠯᠳᠤᠭᠤᠯᠤᠯ 4 - 5︶ ᠶᠢ ᠪᠠᠶᠢᠭᠤᠯᠤᠨ ᠪᠦᠷᠢᠨᠰᠢᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠬᠢᠨᠠᠮᠠᠭᠠᠢ ᠰᠢᠮᠳᠠᠭᠤᠯᠤᠨ ᠪᠠᠶᠢᠴᠠᠭᠠᠵᠤ᠂ ︵ᠳᠠᠭᠠᠯᠳᠤᠭᠤᠯᠤᠯ 6︶ ᠶᠢ ᠴᠢᠩᠭ᠎ᠠ ᠰᠢᠯᠭᠠᠨ ᠬᠢᠨᠠᠵᠤ᠂ ᠪᠦᠬᠦ ᠲᠣᠭᠤᠷᠢᠭ ᠤᠨ ᠵᠤᠯᠤᠮ᠎ᠠ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠲᠦᠯᠬᠢᠨ ᠠᠬᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠢ᠂ ᠠᠵᠢᠯ ᠤᠨ ᠠᠬᠢᠴᠠ ᠶᠢ ᠨᠥᠯᠥᠭᠡᠯᠡᠭᠰᠡᠨ ᠪᠠᠶᠢᠪᠠᠯ ᠵᠠᠷᠯᠠᠨ ᠰᠢᠭᠦᠮᠵᠢᠯᠡᠨ᠎ᠡ᠃ ᠬᠠᠷᠢᠯᠴᠠᠬᠤ ᠬᠥᠮᠦᠨ᠄ ᠯᠢᠦ  ᠾᠦᠢ᠂ ᠬᠠᠷᠢᠯᠴᠠᠬᠤ ᠤᠲᠠᠰᠤ᠄ 6887336᠂ ᠢᠮᠧᠯ᠄ jynmjzhb@126.com᠃     
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号