ᠵᠢᠷᠤᠭᠲᠤ ᠲᠠᠶᠢᠯᠤᠮᠵᠢ᠄ ︽ᠵᠢᠦ ᠶᠤᠸᠠᠨ ᠲᠣᠭᠤᠷᠢᠭ ᠤᠨ 2023 — 2024 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/18
   ᠨᠢᠭᠡ᠂ ᠲᠣᠭᠲᠠᠭᠠᠭᠰᠠᠨ ᠠᠬᠤᠶ ᠪᠠᠶᠢᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠤᠯᠠᠮ ᠨᠢᠭᠡ ᠠᠯᠬᠤᠮ ᠲᠤᠤᠱᠯᠠᠭᠤᠯᠤᠨ ᠬᠡᠷᠡᠭᠵᠢᠭᠦᠯᠵᠦ᠂ 2023 — 2024 ᠣᠨ ᠤ ᠰᠦᠯᠢᠶᠣᠣ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠪᠤᠭᠤᠲᠤ ᠬᠤᠲᠠ ᠶᠢᠨ 2023 — 2024 ᠣᠨ ᠤ ᠰᠦᠯᠢᠶᠣᠣ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠪᠣᠭᠤᠲᠣ ᠶᠢᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ ᠤᠨ ᠲᠠᠷᠬᠠᠭᠠᠭᠰᠠᠨ ︹2023︺206 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃     ᠬᠤᠶᠠᠷ᠂ ᠠᠵᠢᠯ ᠤᠨ ᠬᠠᠷᠠᠯᠲᠠ ᠵᠢᠴᠢ ᠡᠭᠦᠷᠭᠡ    ᠲᠤᠰ ᠲᠥᠰᠦᠯ ᠪᠣᠯ 2024 ᠣᠨ ᠤ ᠵᠢᠦ ᠶᠤᠸᠠᠨ ᠲᠣᠭᠤᠷᠢᠭ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ  ᠰᠢᠢᠳᠪᠤᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠ ᠬᠠᠤᠯᠢ ᠳᠦᠷᠢᠮ ᠢᠶᠠᠷ ᠬᠢᠵᠠᠭᠠᠷᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠢᠭᠡᠳ ᠡᠭᠡᠭᠦᠯᠦᠨ ᠬᠤᠷᠢᠶᠠᠵᠤ ᠰᠢᠢᠳᠪᠤᠷᠢᠯᠡᠬᠦ ᠶᠢ ᠵᠡᠷᠭᠡ ᠳᠤᠨᠢ ᠴᠢᠬᠤᠯᠠᠴᠢᠯᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠬᠢᠭᠡᠳ ᠳᠡᠯᠭᠡᠷᠡᠭᠦᠯᠦᠨ ᠬᠡᠷᠡᠭᠯᠡᠬᠦ ᠶᠢ ᠵᠡᠷᠭᠡ ᠳᠤᠨᠢ ᠣᠷᠣᠭᠤᠯᠵᠤ᠂ ᠳᠠᠬᠢᠨ ᠠᠰᠢᠭᠯᠠᠬᠤ ᠬᠢᠭᠡᠳ ᠬᠤᠤᠷ ᠥᠬᠡᠶ ᠪᠣᠯᠭᠠᠨ ᠰᠢᠢᠳᠪᠤᠷᠢᠯᠡᠬᠦ ᠶᠢ ᠵᠡᠷᠭᠡ ᠳᠤᠨᠢ ᠶᠠᠪᠤᠭᠳᠠᠭᠤᠯᠵᠤ᠂ ᠪᠥᠬᠦ ᠲᠣᠭᠤᠷᠢᠭ ᠤᠨ ᠪᠦᠷᠬᠦᠪᠴᠢ ᠶᠢᠨ ᠲᠠᠯᠠᠪᠠᠶ ᠪᠠᠷ ᠨᠡᠯᠢᠶᠡᠳ ᠶᠡᠭᠡ ᠰᠤᠮᠤ ᠪᠠᠯᠭᠠᠰᠤ᠂ ᠵᠡᠭᠡᠯᠢ ᠭᠤᠳᠤᠮᠵᠢ ᠳᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠢᠬ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠥᠬᠦ ᠠᠮᠢᠳᠤ ᠪᠣᠳᠠᠰ ᠤᠨ ᠵᠠᠳᠠᠷᠠᠭᠤᠯᠤᠨ ᠵᠠᠳᠠᠷᠠᠭᠤᠯᠬᠤ ᠰᠦᠯᠢᠶᠣᠣ ᠪᠦᠷᠬᠦᠪᠴᠢ ᠶᠢ ᠰᠢᠯᠭᠠᠨ ᠨᠤᠲᠠᠯᠠᠵᠤ ᠦᠨᠡᠯᠡᠬᠦ ᠶᠢ ᠥᠷᠨᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠪᠠ ᠴᠠᠭ ᠬᠤᠭᠤᠴᠠᠭ᠎ᠠ    ᠲᠣᠰ ᠲᠥᠰᠦᠯ ᠤᠨ ᠬᠡᠷᠡᠭᠵᠢᠭᠦᠯᠬᠦ ᠬᠡᠪᠴᠢᠶ᠎ᠡ ᠨᠢ ᠵᠢᠤ ᠶᠤᠸᠠᠨ ᠲᠣᠭᠤᠷᠢᠭ ᠪᠣᠯᠤᠨ᠎ᠠ᠂ ᠬᠡᠷᠡᠭᠵᠢᠭᠦᠯᠬᠦ ᠴᠠᠭ ᠨᠢ 2024 ᠣᠨ ᠪᠣᠯᠤᠨ᠎ᠠ᠃    ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ︽ᠲᠥᠰᠦᠯ︾᠎ ᠨᠢ ᠳᠥᠷᠪᠡᠨ ᠬᠡᠰᠡᠭ ᠢᠶᠠᠷ ᠪᠦᠷᠢᠯᠳᠦᠵᠡᠶ᠃   ᠨᠢᠭᠡᠳᠦᠭᠡᠷ ᠬᠡᠰᠡᠭ᠄ ᠪᠣᠳᠠᠲᠠᠶ ᠬᠡᠷᠡᠭᠵᠢᠭᠦᠯᠬᠦ ᠭᠤᠤᠯᠳᠠᠯᠭ᠎ᠠ ᠲᠠᠢ ᠡᠭᠦᠷᠭᠡ᠃ ᠡᠭᠦᠨ ᠳᠤ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠵᠤᠵᠠᠭᠠᠨ ᠪᠥᠭᠡᠳ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠶᠢ ᠡᠮᠬᠢ ᠵᠢᠷᠤᠮ ᠲᠠᠢ ᠬᠡᠷᠡᠭᠯᠡᠬᠦ᠂ ᠪᠥᠬᠦ ᠠᠮᠢᠳᠤ ᠪᠣᠳᠠᠰ ᠤᠨ ᠵᠠᠳᠠᠷᠠᠨ ᠵᠠᠳᠠᠷᠠᠬᠤ ᠰᠦᠯᠢᠶᠣᠣ ᠪᠦᠷᠬᠦᠪᠴᠢ ᠶᠢ ᠳᠡᠯᠭᠡᠷᠡᠭᠦᠯᠬᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠤᠷᠢᠯᠡᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠵᠡᠷᠭᠡ ᠪᠠᠭᠲᠠᠨ᠎ᠠ︔    ᠬᠤᠶᠠᠳᠤᠭᠠᠷ ᠬᠡᠰᠡᠭ᠄ ᠨᠥᠬᠦᠪᠥᠷᠢ ᠥᠭᠬᠦ ᠪᠠᠷᠢᠮᠵᠢᠶ᠎ᠠ ᠵᠢᠴᠢ ᠨᠥᠬᠦᠪᠥᠷᠢ ᠤᠯᠬᠤ ᠡᠲᠡᠭᠡᠳ︔    ᠭᠤᠷᠪᠠᠳᠤᠭᠠᠷ ᠬᠡᠰᠡᠭ᠄ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠢᠬ ᠤᠨ ᠠᠵᠢᠯ ᠤᠨ ᠬᠠᠷᠢᠭᠤᠴᠠᠯᠭ᠎ᠠ ᠶᠢᠨ ᠬᠤᠪᠢᠶᠠᠷᠢᠯᠠᠯ᠃ ᠡᠭᠦᠨ ᠳᠤ ᠭᠤᠤᠯᠳᠠᠭᠤ ᠰᠦᠯᠢᠶᠣᠣ ᠪᠦᠷᠬᠦᠪᠴᠢ ᠶᠢᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠵᠢᠯᠣᠭᠤᠳᠬᠤ᠂ ᠰᠦᠯᠢᠶᠣᠣ ᠪᠦᠷᠬᠦᠪᠴᠢ ᠶᠢ ᠴᠡᠪᠡᠷᠯᠡᠵᠦ ᠬᠤᠷᠢᠶᠠᠨ ᠠᠪᠬᠤ ᠵᠢᠴᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠠᠵᠢᠯ ᠵᠢᠴᠢ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠤᠬᠠᠭᠤᠯᠭ᠎ᠠ ᠪᠣᠯᠪᠠᠰᠤᠷᠠᠭᠤᠯᠤᠯ ᠤᠨ ᠲᠤᠰᠬᠠᠶ ᠰᠡᠳᠦᠪᠲᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠵᠡᠷᠭᠡ 5 ᠲᠠᠯ᠎ᠠ ᠶᠢ ᠪᠠᠭᠲᠠᠭᠠᠨ᠎ᠠ︔    ᠳᠥᠷᠪᠡᠳᠦᠭᠡᠷ ᠬᠡᠰᠡᠭ᠄ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠢᠬ ᠤᠨ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠡᠭᠦᠨ ᠳᠤ ᠭᠤᠤᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠪᠠᠯᠠ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠵᠡᠷᠭᠡ ᠬᠢᠨᠠᠨ ᠰᠢᠯᠭᠠᠵᠤ ᠰᠢᠯᠭᠠᠨ ᠠᠪᠬᠤ ᠶᠢ ᠴᠢᠩᠳᠠᠯᠠᠬᠤ ᠵᠡᠷᠭᠡ ᠪᠠᠭᠲᠠᠨ᠎ᠠ᠃     ᠲᠠᠪᠤ᠂ ᠬᠡᠰᠡᠭ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢᠯᠠᠯᠲᠠ    ᠪᠦᠬᠦ ᠠᠮᠢᠳᠤ ᠪᠣᠳᠠᠰ ᠤᠨ ᠵᠠᠳᠠᠷᠠᠬᠤ ᠰᠦᠯᠢᠶᠣᠣ ᠪᠦᠷᠬᠦᠪᠴᠢ ᠭᠡᠳᠡᠭ ᠨᠢ ᠪᠠᠶᠢᠭᠠᠯᠢ ᠶᠢᠷᠲᠢᠨᠴᠦ ᠳᠤ ᠮᠢᠺᠷᠣᠪ ᠤᠨ ᠦᠢᠯᠡᠳᠦᠯ ᠢᠶᠠᠷ ᠳᠡᠮᠵᠢᠨ ᠪᠦᠷᠢᠮᠦᠰᠦᠨ ᠵᠠᠳᠠᠷᠠᠨ ᠵᠠᠳᠠᠷᠠᠬᠤ ᠰᠦᠯᠢᠶᠣᠣ ᠪᠦᠷᠬᠦᠪᠴᠢ ᠶᠢ ᠵᠢᠭᠠᠵᠤ ᠪᠠᠶᠢᠨ᠎ᠠ᠃ ᠡᠶᠢᠮᠦᠷᠬᠦᠦ ᠰᠦᠯᠢᠶᠣᠣ ᠪᠦᠷᠬᠦᠪᠴᠢ ᠨᠢ ᠭᠤᠣᠯᠳᠠᠭᠤ ᠪᠠᠶᠢᠭᠠᠯᠢ ᠶᠢᠨ ᠲᠣᠮᠣ ᠮᠣᠯᠧᠺᠦ᠋ᠯ ᠪᠤᠶᠤ ᠴᠢᠯᠠᠭᠤᠨ ᠲᠣᠰᠣᠨ ᠤ ᠢᠵᠠᠭᠤᠷ ᠤᠨ ᠢᠷᠡᠯᠲᠡ ᠶᠢᠨ ᠵᠠᠳᠠᠷᠠᠵᠤ ᠪᠣᠯᠬᠤ ᠳᠠᠪᠠᠷᠬᠠᠶ ᠪᠠᠷ ᠲᠦᠭᠦᠬᠡᠶ ᠮᠠᠲ᠋ᠧᠷᠢᠶᠠᠯ ᠪᠣᠯᠭᠠᠳᠠᠭ᠂ ᠵᠢᠱᠢᠶᠡᠯᠡᠪᠡᠯ ᠰᠢᠷᠬᠡᠭᠯᠢᠭ ᠡᠳ᠋᠂ ᠰᠢᠯᠤᠭᠤᠨ ᠬᠡᠯᠬᠢᠶᠡᠲᠦ ᠴᠠᠷᠳᠠᠭᠤᠯ ᠪᠤᠶᠤ ᠳᠡᠭᠡᠳᠦ ᠰᠢᠯᠤᠭᠤᠨ ᠬᠡᠯᠬᠢᠶᠡᠲᠦ ᠴᠠᠷᠳᠠᠭᠤᠯ ᠵᠢᠴᠢ ᠪᠤᠰᠤᠳ ᠪᠠᠶᠢᠭᠠᠯᠢ ᠶᠢᠨ ᠲᠣᠮᠣ ᠮᠣᠯᠧᠺᠦᠯᠲᠤ ᠮᠠᠲ᠋ᠧᠷᠢᠶᠠᠯ᠂ ᠥᠭᠡᠬᠦᠨ ᠪᠦᠯᠦᠭ ᠤᠨ ᠪᠥᠭᠡᠭᠡᠨᠡᠷᠡᠯ ᠡᠰᠲ᠋ᠧᠷ ᠵᠡᠷᠭᠡ ᠪᠣᠯᠤᠨ᠎ᠠ᠂ ᠡᠶᠢᠮᠦᠷᠬᠦᠦ ᠰᠦᠯᠢᠶᠣᠣ ᠪᠦᠷᠬᠦᠪᠴᠢ ᠨᠢ ᠪᠠᠶᠢᠭᠠᠯᠢ ᠶᠢᠷᠲᠢᠨᠴᠦ ᠳᠤ ᠮᠢᠺᠷᠣᠪ ᠲᠤ ᠮᠠᠰᠢ ᠠᠮᠠᠷᠬᠠᠨ ᠠᠰᠢᠭᠯᠠᠭᠳᠠᠳᠠᠭ᠃    ᠵᠢᠷᠭᠤᠭ᠎ᠠ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠶᠢᠨ ᠬᠠᠷᠢᠴᠠᠭᠤᠯᠤᠯ    2023 ᠣᠨ ᠳᠤ᠂ ᠲᠣᠭᠤᠷᠢᠭ ᠤᠨ ᠵᠠᠰᠠᠭ ᠤᠨ ᠣᠷᠳᠣᠨ ︽ᠵᠢᠦ ᠶᠤᠸᠠᠨ ᠲᠣᠭᠤᠷᠢᠭ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠂ ᠬᠡᠷᠡᠭᠵᠢᠭᠦᠯᠬᠦ ᠴᠠᠭ ᠨᠢ 2023 ᠣᠨ ᠪᠣᠯᠤᠨ᠎ᠠ᠃ ᠲᠣᠰ ᠤᠳᠠᠭᠠᠨ ᠤ ︽ᠲᠥᠰᠦᠯ︾᠎ ᠢ ᠲᠣᠭᠲᠠᠭᠠᠭᠰᠠᠨ ᠨᠢ ᠮᠠᠨ ᠤ ᠲᠣᠭᠤᠷᠢᠭ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠦᠷᠭᠦᠯᠵᠢᠯᠡᠯ ᠪᠠᠶᠢᠵᠤ᠂ ᠪᠥᠬᠦ ᠲᠣᠭᠤᠷᠢᠭ ᠤᠨ 2024 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠢᠷᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠠᠰᠢᠭᠲᠠᠶ ᠪᠠᠶᠢᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠮᠠᠨ ᠤ ᠲᠠᠷᠢᠶᠠᠯᠠᠩ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠶ ᠶᠤᠮ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号