ᠤᠴᠢᠷ ᠲᠠᠢ ᠪᠣᠯ ᠴᠠᠭᠳᠠᠭ᠎ᠠ ᠶᠢ ᠡᠷᠢᠵᠦ᠂ ᠣᠯᠠᠨ ᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2024/3/19
    2024 ᠣᠨ ᠤ 3 ᠰᠠᠷ᠎ᠠ ᠶᠢᠨ 15᠎ ᠤ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠ ᠡᡁᠧ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠣᠷᠣᠨ ᠳᠠᠭᠠᠨ ᠲᠣᠭᠤᠷᠢᠨ ᠴᠠᠭᠳᠠᠬᠤ ᠠᠵᠢᠯ ᠥᠷᠨᠢᠭᠦᠯᠵᠦ ᠪᠠᠶᠢᠬᠤ ᠳᠠᠭᠠᠨ ᠨᠢᠭᠡ ᠵᠠᠮ ᠤᠨ ᠬᠥᠮᠦᠰ ᠦᠰᠦ ᠭᠡᠵᠢᠭᠡ ᠪᠠᠨ ᠥᠷᠪᠤᠶᠢᠯᠭᠡᠨ ᠭᠠᠳᠠᠷ ᠣᠷᠣᠨ ᠤ ᠠᠮᠠᠨ ᠠᠶᠠᠯᠭᠤ ᠪᠠᠷ ᠵᠠᠮ ᠠᠰᠠᠭᠤᠵᠤ ᠪᠠᠶᠢᠬᠤ ᠶᠢ ᠣᠯᠵᠤ ᠬᠠᠷᠠᠵᠠᠢ᠃ ᠠᠷᠠᠳ ᠤᠨ ᠴᠠᠭᠳᠠᠭ᠎ᠠ ᠪᠠᠶᠢᠴᠠᠭᠠᠭᠰᠠᠨ ᠤ ᠳᠠᠷᠠᠭ᠎ᠠ ᠰᠢᠶᠣᠣ ᠣᠪᠣᠭᠲᠤ ᠰᠧᠴᠤᠸᠠᠨ ᠠᠴᠠ ᠪᠤᠭᠤᠲᠤ ᠳᠤ ᠢᠷᠡᠵᠦ ᠬᠦᠴᠦ ᠶᠠᠪᠤᠭᠠᠳ ᠦᠷ᠎ᠡ ᠳ᠋ᠦᠩ ᠭᠠᠷᠤᠭᠰᠠᠨ ᠦᠭᠡᠶ᠂ ᠥᠪᠡᠷ ᠢᠶᠠᠨ ᠰᠣᠬᠤᠷ ᠵᠣᠭᠤᠰ ᠴᠤ ᠦᠭᠡᠶ᠂ ᠬᠤᠭᠤᠯᠠ ᠢᠳᠡᠬᠦ ᠵᠣᠭᠤᠰ ᠦᠭᠡᠶ ᠮᠥᠷᠲᠡᠭᠡᠨ ᠵᠠᠮ ᠤᠨ ᠰᠦᠢᠳᠬᠡᠯ ᠴᠦ ᠦᠭᠡᠶ ᠪᠠᠷ ᠰᠧᠴᠤᠸᠠᠨ ᠳᠠᠭᠠᠨ ᠬᠠᠷᠢᠵᠠᠶ᠃ ᠠᠷᠠᠳ ᠤᠨ ᠴᠠᠭᠳᠠᠭ᠎ᠠ ᠰᠢᠶᠤᠤ ᠣᠪᠣᠭᠲᠤ ᠶᠢᠨ ᠤᠴᠠᠷᠠᠯ ᠲᠣᠬᠢᠶᠠᠯᠳᠤᠯ ᠢ ᠣᠶᠢᠯᠠᠭᠠᠬᠤ ᠶᠢᠨ ᠵᠡᠷᠭᠡ ᠳᠤ ᠥᠪᠡᠷ ᠤᠨ ᠵᠣᠭᠤᠰ ᠢᠶᠠᠷ ᠢᠶᠠᠨ ᠲᠡᠭᠦᠨ ᠳᠤ ᠤᠰᠤ ᠪᠣᠯᠤᠨ ᠢᠳᠡᠭᠡᠨ ᠤᠮᠳᠠᠭᠠᠨ ᠬᠠᠩᠭᠠᠵᠤ ᠥᠭᠭᠦᠭᠰᠡᠨ ᠪᠥᠭᠡᠳ ︽ᠨᠢᠳᠦᠨ ᠡᠮᠦᠨᠡᠬᠢ ᠬᠦᠴᠢᠷᠳᠡᠯ ᠪᠣᠯ ᠲᠦᠷ ᠴᠠᠭ ᠤᠨ ᠶᠠᠪᠤᠳᠠᠯ᠂ ᠪᠢᠲᠡᠭᠡᠶ ᠵᠣᠷᠢᠭ ᠮᠣᠬᠤᠭᠠᠷᠠᠶ᠂ ᠭᠡᠷ ᠲᠡᠭᠡᠨ ᠬᠠᠷᠢᠭᠰᠠᠨ ᠤ ᠳᠠᠷᠠᠭ᠎ᠠ ᠰᠠᠶᠢᠲᠤᠷ ᠲᠥᠯᠥᠪᠯᠡᠪᠡᠯ ᠯᠠᠪᠲᠠᠶ ᠰᠠᠨᠠᠭᠠᠨ ᠳᠤ ᠳᠠᠭᠠᠷᠠᠭᠰᠠᠨ ᠠᠵᠢᠯ ᠣᠯᠵᠤ ᠴᠢᠳᠠᠨ᠎ᠠ︾ ᠭᠡᠵᠦ ᠵᠣᠷᠢᠭᠵᠢᠭᠤᠯᠵᠠᠶ᠃ ᠲᠡᠭᠦᠨ ᠤ ᠲᠠᠮᠢᠷ ᠲᠡᠩᠬᠡᠭᠡ ᠪᠠᠨ ᠰᠡᠷᠭᠦᠭᠡᠭᠰᠡᠨ ᠤ ᠳᠠᠷᠠᠭ᠎ᠠ ᠰᠢᠶᠤᠤ ᠣᠪᠣᠭᠲᠤ ᠶᠢ ᠠᠪᠤᠷᠠᠨ ᠲᠤᠰᠠᠯᠠᠬᠤ ᠥᠷᠲᠡᠭᠡᠨ ᠳᠤ ᠠᠮᠤᠷ ᠲᠦᠪᠰᠢᠨ ᠢᠶᠠᠷ ᠬᠦᠷᠭᠡᠬᠦ ᠶᠢᠨ ᠬᠠᠮᠲᠤ ᠠᠪᠤᠷᠠᠨ ᠲᠤᠰᠠᠯᠠᠬᠤ ᠥᠷᠲᠡᠭᠡᠨ ᠳᠤ ᠵᠠᠯᠭᠠᠵᠤ ᠠᠵᠢᠯᠯᠠᠭᠤᠯᠪᠠ᠂ ᠰᠢᠶᠤᠤ ᠣᠪᠣᠭᠲᠤ ᠤᠳᠤ ᠠᠪᠤᠷᠠᠨ ᠲᠤᠰᠠᠯᠠᠬᠤ ᠥᠷᠲᠡᠭᠡᠨ ᠤ ᠬᠠᠪᠰᠤᠷᠤᠯᠭ᠎ᠠ ᠪᠠᠷ ᠨᠢᠭᠡᠨᠲᠡ ᠨᠤᠲᠤᠭ ᠲᠠᠭᠠᠨ ᠬᠠᠷᠢᠬᠤ ᠭᠠᠯᠲᠤ ᠲᠡᠷᠭᠡᠨ ᠤ ᠪᠢᠯᠧᠲ ᠢᠶᠠᠨ ᠵᠠᠬᠢᠶᠠᠯᠠᠪᠠ᠃    ᠤᠷᠤᠭᠰᠢᠯᠠᠯᠲᠠ ᠶᠢᠨ ᠵᠠᠮ ᠳᠤ ᠬᠦᠴᠢᠷᠳᠡᠯ ᠲᠠᠢ ᠪᠣᠯᠪᠠᠴᠤ ᠤᠴᠢᠷ ᠲᠠᠢ ᠪᠣᠯ ᠴᠠᠭᠳᠠᠭ᠎ᠠ ᠶᠢ ᠡᠷᠢᠵᠦ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠯᠠᠨ ᠤ ᠳᠡᠷᠭᠡᠳᠡ ᠴᠠᠭ ᠢᠮᠠᠭᠲᠠ ᠰᠠᠬᠢᠨ ᠬᠠᠮᠠᠭᠠᠯᠠᠵᠤ ᠪᠠᠶᠢᠯ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号