ᠤᠨᠲᠠᠵᠤ ᠰᠡᠷᠡᠭᠰᠡᠨ ᠤ ᠳᠠᠷᠠᠭ᠎ᠠ᠂ ᠡᠨᠡ ᠳᠥᠷᠪᠡᠨ ᠮᠠᠭᠤ ᠳᠠᠳᠬᠠᠯ ᠢᠶᠠᠨ ᠵᠠᠪᠠᠯ ᠬᠠᠯᠠᠬᠤ ᠬᠡᠷᠡᠭᠲᠡᠶ︕
ᠨᠡᠶᠢᠲᠡᠯᠡᠭᠰᠡᠨ ᠴᠠᠭ᠄
2024/3/19
    ᠬᠡᠷᠪᠡ ᠤᠨᠲᠠᠵᠤ ᠰᠡᠷᠡᠮᠡᠭᠴᠡ ᠪᠠᠷᠢᠨ ᠲᠤᠤᠷ᠎ᠠ ᠪᠠᠨ ᠤᠷᠤ ᠠᠴᠠ ᠪᠠᠨ ᠪᠠᠭᠤᠪᠠᠯ᠂ ᠶᠡᠭᠡ ᠲᠠᠷᠢᠬᠢᠨ ᠤ ᠴᠢᠰᠤᠨ ᠤ ᠬᠠᠩᠭᠠᠯᠲᠠ ᠬᠦᠷᠦᠯᠴᠡᠬᠦ ᠦᠭᠡᠢ ᠪᠣᠯᠵᠤ᠂ ᠰᠠ ᠡᠪᠡᠳᠴᠢᠨ᠂ ᠭᠡᠨᠡᠳᠲᠡ ᠦᠬᠦᠬᠦ ᠵᠡᠷᠭᠡ ᠭᠡᠨᠡᠳᠲᠡ ᠶᠢᠨ ᠠᠳᠡᠯ ᠠᠮᠠᠷᠬᠠᠨ ᠭᠠᠷᠴᠤ ᠮᠡᠳᠡᠨ᠎ᠡ᠃     ᠰᠠᠨᠠᠭᠤᠯᠤᠮᠵᠢ᠄ ᠰᠠᠶ᠋ᠢ ᠰᠡᠷᠡᠮᠡᠭᠴᠡ᠂ ᠣᠷᠣ ᠳᠡᠭᠡᠷ᠎ᠡ ᠪᠠᠨ 30 ᠰᠧᠺᠦ᠋ᠨ᠋ᠳ᠋ ᠬᠡᠪᠲᠡᠵᠦ᠂ ᠪᠣᠰᠤᠭᠰᠠᠨ ᠤ ᠳᠠᠷᠠᠭ᠎ᠠ 30 ᠰᠧᠺᠦ᠋ᠨ᠋ᠳ᠋ ᠰᠠᠭᠤᠵᠤ᠂ ᠲᠠᠷᠠᠭ᠎ᠠ ᠨᠢ ᠣᠷᠣ ᠶᠢᠨ ᠬᠦᠪᠡᠭᠡ ᠲᠡᠭᠡᠷ᠎ᠡ ᠪᠠᠨ 30 ᠰᠧᠺᠦ᠋ᠨ᠋ᠳ᠋ ᠰᠠᠭᠤᠬᠰᠠᠨ ᠤ ᠬᠤᠶᠢᠨ᠎ᠠ ᠰᠠᠶ᠋ᠢ ᠪᠤᠰᠴᠤ ᠶᠠᠪᠤᠨ᠎ᠠ᠃     2. ᠮᠠᠭᠤ ᠳᠠᠳᠬᠠᠯ ᠬᠤᠶᠠᠷ᠄ ᠪᠣᠰᠤᠭᠰᠠᠨ ᠤ ᠳᠠᠷᠠᠭ᠎ᠠ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ ᠵᠠᠷᠢᠮ ᠬᠥᠮᠦᠨ ᠥᠷᠯᠥᠭᠡ ᠪᠣᠰᠤᠭᠰᠠᠨ ᠤ ᠳᠠᠷᠠᠭ᠎ᠠ᠂ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ ᠳᠤᠷᠠᠲᠠᠶ ᠪᠠᠶᠢᠳᠠᠭ ᠪᠦᠭᠡᠳ ᠡᠨᠡ ᠨᠢ ᠭᠠᠳᠠᠭᠠᠯᠠᠬᠤ᠂ ᠬᠤᠤᠷ ᠢ ᠭᠠᠳᠠᠭᠰᠢᠯᠠᠭᠤᠯᠬᠤ ᠳᠤ ᠲᠤᠰᠠᠳᠠᠢ ᠭᠡᠵᠦ ᠦᠵᠡᠳᠡᠭ᠂ ᠦᠨᠡᠨ ᠳᠡᠭᠡᠨ ᠢᠩᠭᠢᠵᠦ ᠬᠢᠬᠦ ᠨᠢ ᠪᠤᠷᠤᠭᠤ ᠶᠤᠮ᠃     ᠰᠠᠨᠠᠭᠤᠯᠤᠮᠵᠢ᠄ ᠥᠷᠯᠥᠭᠡ ᠪᠤᠰᠤᠬᠰᠠᠨ ᠤ ᠨᠢᠭᠡ ᠴᠤᠮᠤ ᠪᠤᠴᠠᠯᠤᠭᠰᠠᠨ ᠤᠰᠤ ᠤᠤᠭᠤᠬᠤ ᠪᠣᠯ ᠬᠠᠮᠤᠭ ᠤᠨ ᠰᠠᠶᠢᠨ ᠰᠣᠩᠭᠤᠯᠲᠠ ᠮᠥᠨ᠃ ᠤᠰᠤ ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠤᠤᠭᠤᠬᠤ ᠬᠡᠷᠡᠭᠲᠡᠢ᠂ ᠨᠢᠭᠡ ᠯᠡ ᠲᠡᠭᠡᠷ᠎ᠡ ᠲᠡᠩᠳᠡᠭᠦᠦ ᠠᠷᠪᠢᠨ ᠤᠤᠭᠤᠵᠤ ᠪᠣᠯᠬᠤ ᠦᠭᠡᠢ᠂ ᠤᠤᠭᠤᠬᠤ ᠤᠰᠤᠨ ᠤ ᠬᠡᠮᠵᠢᠶ᠎ᠡ ᠶᠢ 100 ᠮᠢᠯᠢᠯᠢᠳ᠋ᠷ ᠠᠴᠠ ᠬᠡᠲᠦᠷᠡᠭᠦᠯᠵᠦ ᠪᠣᠯᠬᠤ ᠦᠭᠡᠢ᠃     3. ᠮᠠᠭᠤ ᠳᠠᠳᠬᠠᠯ ᠭᠤᠷᠪᠠ᠄ ᠭᠠᠳᠠᠭᠠᠯᠠᠬᠤ ᠳᠠᠭᠠᠨ ᠰᠡᠳᠬᠢᠯ ᠲᠠᠯᠪᠢᠬᠤ ᠦᠭᠡᠢ᠂ ᠬᠡᠲᠦᠷᠬᠡᠶ ᠤᠳᠠᠭᠠᠨ ᠰᠠᠭᠤᠬᠤ     ᠥᠷᠯᠥᠭᠡ ᠪᠣᠰᠤᠭᠰᠠᠨ ᠤ ᠳᠠᠷᠠᠭ᠎ᠠ ᠪᠦᠳᠦᠭᠦᠨ ᠭᠡᠳᠡᠰᠦᠨ ᠤ ᠬᠥᠳᠡᠯᠭᠡᠭᠡᠨ ᠨᠡᠯᠢᠶᠡᠳ ᠬᠥᠭᠵᠢᠶᠡᠨ ᠲᠠᠢ ᠪᠠᠶᠢᠳᠠᠭ᠂ ᠴᠥᠭᠡᠨ ᠪᠤᠰᠤ ᠬᠥᠮᠦᠨ ᠨᠢ ᠡᠨᠡ ᠦᠶ᠎ᠡ ᠳᠤ ᠭᠠᠳᠠᠭᠠᠯᠠᠳᠠᠭ᠂ ᠢᠩᠭᠢᠵᠦ ᠬᠢᠬᠦ ᠨᠢ ᠵᠥᠪ ᠶᠤᠮ᠃ ᠭᠡᠪᠡᠴᠦ ᠵᠠᠷᠢᠮ ᠬᠥᠮᠦᠨ ᠨᠢ ᠭᠠᠳᠠᠭᠠᠯᠠᠬᠤ ᠳᠠᠭᠠᠨ ᠭᠠᠷ ᠤᠲᠠᠰᠤ ᠨᠠᠭᠠᠳᠴᠤ᠂ ᠵᠣᠷᠯᠣᠩ ᠳᠤ ᠬᠠᠭᠠᠰ ᠴᠠᠭ ᠢᠶᠠᠷ ᠰᠠᠭᠤᠳᠠᠭ᠂ ᠢᠩᠭᠢᠪᠡᠯ ᠱᠠᠮᠪᠠᠷᠠᠮ ᠤᠯᠵᠤ ᠮᠡᠳᠡᠨ᠎ᠡ᠃ ᠲᠠᠬᠢᠪᠠᠯ ᠭᠠᠳᠠᠭᠠᠯᠠᠬᠤ ᠳᠠᠭᠠᠨ ᠬᠡᠲᠦᠷᠬᠡᠢ ᠬᠦᠴᠦᠯᠡᠵᠦ ᠪᠣᠯᠬᠤ ᠦᠭᠡᠢ᠂ ᠬᠡᠲᠦᠷᠬᠡᠢ ᠬᠦᠴᠦᠯᠡᠪᠡᠯ ᠭᠡᠨᠡᠳᠲᠡ ᠦᠬᠦᠬᠦ᠂ ᠲᠠᠷᠢᠬᠢᠨ ᠤ ᠴᠢᠰᠤᠨ ᠰᠤᠳᠠᠯ ᠳᠡᠯᠪᠡᠷᠡᠬᠦ ᠵᠡᠷᠭᠡ ᠭᠡᠨᠡᠳᠲᠡ ᠶᠢᠨ ᠠᠳᠡᠯ ᠭᠠᠷᠴᠤ ᠮᠡᠳᠡᠨ᠎ᠡ᠃     4. ᠮᠠᠭᠤ ᠳᠠᠳᠬᠠᠯ ᠳᠥᠷᠪᠡ᠄ ᠴᠠᠭ ᠲᠠᠭᠠᠨ ᠥᠷᠯᠥᠭᠡᠨ ᠤ ᠬᠤᠭᠤᠯᠠ ᠪᠠᠨ ᠢᠳᠡᠳᠡᠭ ᠦᠭᠡᠢ     ᠥᠷᠯᠥᠭᠡ ᠶᠠᠭᠤᠮ᠎ᠠ ᠬᠤᠭᠤᠯᠠ ᠢᠳᠡᠬᠦ ᠥᠬᠡᠶ ᠪᠤᠶᠤ ᠨᠡᠯᠢᠶᠡᠳ ᠤᠷᠤᠢ ᠥᠷᠯᠥᠭᠡ ᠶᠢᠨ ᠬᠤᠭᠤᠯᠠ ᠪᠠᠨ ᠢᠳᠡᠬᠦ ᠨᠢ ᠬᠤᠳᠣᠭᠤᠳᠣᠨ ᠡᠪᠡᠳᠴᠢᠨ᠂ ᠰᠥᠰᠥᠨ ᠤ ᠴᠢᠯᠠᠭᠤᠰᠢᠷᠠᠯ ᠤᠨ ᠲᠦᠭᠰᠢᠭᠦᠷᠢ ᠶᠢ ᠨᠡᠮᠡᠭᠳᠡᠭᠦᠯᠳᠡᠭ ᠪᠦᠭᠡᠳ ᠪᠠᠰᠠ ᠮᠠᠷᠢᠶᠠᠯᠠᠬᠤ ᠪᠠ ᠲᠠᠨᠢᠨ ᠮᠡᠳᠡᠬᠦᠶ ᠶᠢᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ 9᠄ 00 ᠴᠠᠭ ᠠᠴᠠ ᠰᠡᠭᠦᠯᠡᠷ ᠥᠷᠯᠥᠭᠡ ᠶᠢᠨ ᠬᠤᠭᠤᠯᠠ ᠢᠳᠡᠵᠦ᠂ 21᠄ 00 ᠴᠠᠭ ᠠᠴᠠ ᠰᠡᠭᠦᠯᠡᠷ ᠣᠷᠣᠢ ᠶᠢᠨ ᠬᠤᠭᠤᠯᠠ ᠢᠳᠡᠬᠦ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠡᠩ ᠥᠨᠳᠥᠷ ᠲᠦᠭᠰᠢᠭᠦᠷᠢ ᠶᠢ ᠠᠪᠴᠢᠷᠠᠵᠦ ᠮᠡᠳᠡᠨ᠎ᠡ᠂ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠨᠤᠷᠮ᠎ᠠ ᠨᠢ 59 %᠎ ᠠᠴᠠ ᠥᠨᠳᠥᠷ ᠪᠠᠶᠢᠳᠠᠭ᠃ ᠰᠠᠨᠠᠭᠤᠯᠤᠮᠵᠢ᠄ ᠥᠷᠯᠥᠭᠡ ᠶᠢᠨ ᠬᠤᠭᠤᠯᠨ ᠪᠠᠨ 7᠄ 00 ᠴᠠᠭ ᠠᠴᠠ 8᠄ 00 ᠴᠠᠭ ᠤᠨ ᠬᠤᠭᠤᠷᠤᠨᠳᠦ ᠢᠳᠡᠪᠡᠯ ᠲᠣᠬᠢᠷᠠᠮᠵᠢᠲᠠᠶ ᠶᠤᠮ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号