ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ﹇2024﹈ 23 ᠳ᠋ᠤᠭᠠᠷ ᠲᠣᠭᠠᠲᠤ | | | ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | | | ︽ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠡᠭᠴᠡᠯᠡᠬᠦ ᠠᠵᠢᠯ ᠤᠨ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠡ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ | ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠲᠥᠰᠦᠯ ᠤᠨ ᠶᠣᠰᠣᠭᠠᠷ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | ᠵᠢᠦ ᠶᠤᠸᠠᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 20 ᠤ ᠡᠳᠦᠷ | | | ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ | ᠬᠡᠷᠡᠭᠵᠢᠭᠦᠯᠬᠦ ᠲᠥᠰᠦᠯ | | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠬᠤᠷᠢᠭᠯᠠᠵᠤ᠂ ᠴᠡᠪᠡᠷ ᠲᠡᠭᠰᠢ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠨ ᠡᠵᠡᠮᠳᠡᠵᠦ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠠᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠤᠯᠢ︾᠂ ︽ᠪᠤᠭᠤᠲᠤ ᠬᠤᠲᠠ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠲᠦᠷᠢᠮ︾ ᠂ ︽ᠪᠤᠭᠤᠲᠤ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ | ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢ ᠶᠢᠨ ᠫᠢᠩ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠷᠢᠶ᠎ᠠ | ᠣᠷᠣᠨ ᠳᠤᠨᠢ ᠬᠠᠮᠢᠶᠠᠷᠤᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠬᠠᠳᠠᠭᠠᠯᠠᠬᠤ ᠶᠢ ᠪᠠᠭᠠᠰᠬᠠᠨ | ᠨᠡᠮᠡᠭᠳᠡᠭᠦᠯᠬᠦ ᠶᠢ ᠡᠵᠡᠮᠳᠡᠬᠦ᠂ ᠲᠥᠷᠥᠯ ᠬᠤᠪᠢᠶᠠᠨ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠬᠦᠴᠦᠨ ᠢᠶᠠᠨ | ᠲᠥᠪᠯᠡᠷᠡᠭᠦᠯᠦᠨ ᠵᠠᠰᠠᠨ ᠴᠡᠭᠴᠡᠯᠡᠬᠦ ᠶᠢ ᠥᠷᠨᠢᠭᠦᠯᠵᠦ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ | ᠨᠤᠷᠠᠭᠠᠵᠤ᠂ ᠨᠢᠭᠡ ᠪᠦᠯᠦᠭ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢᠨ ᠳᠠᠯᠳᠠ ᠭᠡᠮ ᠰᠣᠭᠤᠭ ᠢ ᠠᠷᠢᠯᠭᠠᠵᠤ᠂ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠵᠥᠪᠰᠢᠶᠡᠷᠡᠭᠰᠡᠨ ᠤ ᠳᠠᠷᠠᠭᠠᠬᠢ ᠲᠥᠷᠥᠯ ᠵᠦᠢᠯ ᠤᠨ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠡᠪᠡᠷ ᠲᠡᠭᠰᠢ ᠭᠤᠶᠢᠳᠠ | ᠰᠠᠶᠢᠬᠠᠨ᠂ ᠠᠮᠤᠷ ᠲᠦᠪᠰᠢᠨ ᠪᠣᠯᠪᠠᠰᠤᠨ᠂ ᠬᠠᠮᠢᠶᠠᠷᠤᠯᠲᠠ ᠡᠮᠬᠢ ᠵᠢᠷᠤᠮ ᠲᠠᠢ ᠣᠷᠣᠰᠢᠨ ᠰᠠᠭᠤᠬᠤ ᠣᠷᠴᠢᠨ | ᠲᠣᠭᠤᠷᠢᠨ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | 2023 ᠣᠨ ᠤ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠵᠢᠦ ᠶᠤᠸᠠᠨ | ᠲᠣᠭᠤᠷᠢᠭ ᠤᠨ ᠬᠤᠲᠠ ᠶᠢᠨ ᠲᠥᠯᠥᠪᠵᠢᠭᠦᠯᠭᠡ ᠶᠢᠨ ᠣᠷᠣᠨ ᠳᠣᠲᠣᠷ᠎ᠠ ᠲᠥᠯᠥᠪᠵᠢᠭᠦᠯᠭᠡ ᠶᠢᠨ ᠵᠥᠪᠰᠢᠶᠡᠷᠡᠯ | ᠦᠭᠡᠢ ᠪᠤᠶᠤ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠦᠯᠦ ᠵᠢᠷᠤᠮᠯᠠᠨ | ᠪᠠᠶᠢᠭᠤᠯᠤᠭᠰᠠᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ︵ᠪᠠᠷᠢᠯᠭ᠎ᠠ︶ ᠪᠠ ᠳᠠᠭᠠᠯᠲᠠ ᠲᠦᠬᠦᠭᠡᠷᠦᠮᠵᠢ ᠳᠤ | ᠨᠢᠭᠡ ᠡᠭᠡᠯᠵᠢ ᠶᠢᠨ ᠪᠦᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠯᠳᠠ ᠶᠢ ᠥᠷᠨᠢᠭᠦᠯᠵᠦ᠂ | ᠵᠠᠰᠠᠯᠲᠠ ᠶᠢᠨ ᠡᠬᠡ ᠳᠠᠩᠰᠠ ᠪᠠᠶᠢᠭᠤᠯᠤᠨ᠂ ︽ᠨᠡᠮᠡᠭᠳᠡᠯ ᠤᠨ ᠬᠡᠮᠵᠢᠶ᠎ᠡ ᠨᠢ ᠲᠡᠭ᠂ ᠬᠠᠳᠠᠭᠠᠯᠠᠮᠵᠢ ᠶᠢᠨ ᠬᠡᠮᠵᠢᠶ᠎ᠡ ᠨᠢ | ᠠᠬᠢᠨ ᠬᠠᠰᠤᠭᠳᠠᠬᠤ︾ ᠵᠠᠷᠴᠢᠮ ᠶᠣᠰᠣᠭᠠᠷ᠂ ᠲᠥᠷᠥᠯ ᠬᠤᠪᠢᠶᠠᠨ ᠪᠦᠯᠦᠭ ᠬᠤᠪᠢᠶᠠᠨ ᠠᠯᠬᠤᠮ ᠠᠯᠬᠤᠮ ᠢᠶᠠᠷ | ᠴᠡᠭᠴᠡᠯᠡᠨ ᠵᠠᠰᠠᠨ᠎ᠠ᠃ 3 ᠰᠠᠷ᠎ᠠ ᠶᠢᠨ ᠰᠡᠭᠦᠯᠴᠢ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | ᠲᠤᠰ ᠣᠨ ᠤ ᠴᠡᠭᠴᠡᠯᠡᠬᠦ ᠲᠥᠯᠥᠪᠯᠡᠭᠡ ᠶᠢ ᠲᠣᠭᠲᠠᠭᠠᠨ᠎ᠠ︔ 8 ᠰᠠᠷ᠎ᠠ ᠶᠢᠨ ᠰᠡᠭᠦᠯᠴᠢ᠂ ᠪᠦᠬᠦ ᠬᠤᠲᠠ ᠶᠢᠨ | 80% ᠠᠴᠠ ᠳᠡᠭᠡᠭᠰᠢᠬᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠡᠭᠦᠷᠭᠡ ᠶᠢ | ᠪᠡᠶᠡᠯᠡᠭᠦᠯᠦᠨ᠎ᠡ︔ 10 ᠰᠠᠷ᠎ᠠ ᠶᠢᠨ ᠰᠡᠭᠦᠯᠴᠢ᠂ ᠨᠢᠭᠡᠨᠲᠡ ᠲᠣᠭᠲᠠᠭᠠᠭᠰᠠᠨ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢᠨ ᠵᠠᠰᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠬᠥᠳᠡᠭᠡ ᠶᠢᠨ ᠳᠦᠷᠰᠦ | ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠵᠤ᠂ ᠵᠢᠷᠤᠮᠵᠢᠯ ᠲᠠᠢ ᠡᠮᠬᠢ ᠵᠢᠷᠤᠮ ᠲᠠᠢ᠂ ᠠᠮᠤᠷ ᠲᠦᠪᠰᠢᠨ ᠪᠣᠯᠪᠠᠰᠤᠨ᠂ | ᠲᠠᠭᠠᠯᠠᠮᠵᠢᠲᠠᠢ ᠣᠷᠴᠢᠨ ᠲᠣᠭᠤᠷᠢᠨ ᠢ ᠪᠣᠢ ᠪᠣᠯᠭᠠᠨ᠎ᠠ᠃ | ᠭᠤᠷᠪᠠ᠂ ᠲᠤᠰᠬᠠᠢ ᠴᠡᠭ᠌ᠴᠡᠯᠡᠯᠳᠠ ᠶᠢᠨ ᠬᠡᠪᠴᠢᠶ᠎ᠡ ᠬᠢᠭᠡᠳ ᠠᠭᠤᠯᠭ᠎ᠠ | ︽ᠥᠩᠭᠡᠨ ᠲᠠᠯ᠎ᠠ ᠠᠴᠠ ᠳᠣᠲᠤᠷ᠎ᠠ ᠲᠠᠯ᠎ᠠ ᠬᠦᠷᠳᠡᠯ᠎ᠡ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ | ᠶᠢ ᠨᠢ︾ ᠵᠠᠰᠠᠬᠤ ᠵᠠᠷᠴᠢᠮ ᠶᠣᠰᠣᠭᠠᠷ᠂ ᠵᠢᠦ ᠶᠤᠸᠠᠨ ᠲᠣᠭᠤᠷᠢᠭ ᠭᠤᠣᠯ ᠬᠤᠲᠠ ᠶᠢᠨ ᠲᠣᠭᠤᠷᠢᠭ ᠤᠨ ᠱᠠ | ᠾᠧ᠂ ᠰᠠᠶᠢᠬᠠᠨ᠂ ᠪᠠᠶᠠᠨᠰᠢᠯᠢ ᠭᠤᠷᠪᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠷᠢᠶᠠᠯᠠᠯ ᠳᠤ | ᠳᠤᠷ᠎ᠠ ᠪᠠᠷ ᠢᠶᠠᠨ ᠪᠠᠶᠢᠭᠤᠯᠤᠭᠰᠠᠨ ᠥᠩᠭᠡᠲᠦ ᠪᠣᠯᠣᠳ ᠪᠠᠶᠢᠰᠢᠩ᠂ ᠰᠢᠯ ᠤᠨ ᠭᠡᠷ᠂ ᠲᠠᠭᠲᠠᠭ᠎ᠠ ᠶᠢᠨ ᠰᠠᠷᠠᠪᠴᠢ | ᠵᠡᠷᠭᠡ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠭ᠎ᠠ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ︔ | ᠬᠤᠲᠠ ᠶᠢᠨ ᠭᠤᠣᠯ ᠵᠠᠮ ᠪᠠ ᠲᠤᠰᠠᠯᠠᠬᠤ ᠵᠠᠮ ᠤᠨ ᠬᠤᠶᠠᠷ ᠬᠠᠵᠠᠭᠤ ᠶᠢᠨ ᠥᠷᠭᠡᠳᠬᠡᠭᠰᠡᠨ ᠲᠢᠩᠬᠢᠮ ᠤᠨ ᠬᠤᠩᠭᠢᠯ | ᠂ ᠬᠡᠷᠡᠮ ᠢ ᠡᠪᠳᠡᠵᠦ ᠳᠡᠯᠭᠡᠭᠦᠷ ᠨᠡᠭᠡᠭᠡᠬᠦ ᠵᠡᠷᠭᠡ ᠬᠠᠤᠯᠢ ᠠᠴᠠ ᠵᠥᠷᠢᠴᠡᠭᠰᠡᠨ ᠪᠠᠷᠢᠯᠭ᠎ᠠ ᠵᠢᠴᠢ ᠬᠤᠲᠠ ᠶᠢᠨ ᠣᠯᠠᠨ | ᠨᠡᠶᠢᠲᠡ ᠶᠢᠨ ᠣᠷᠣᠨ ᠵᠠᠢ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠵᠠᠮ ᠤᠨ | ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠨᠤᠷᠠᠭᠠᠨ | ᠰᠡᠷᠭᠦᠭᠡᠨ᠎ᠡ᠃ | ᠳᠥᠷᠪᠡ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠ ᠴᠠᠭ ᠤᠨ ᠲᠣᠬᠢᠷᠠᠭᠤᠯᠤᠯᠲᠠ | ︵ᠨᠢᠭᠡ︶ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠡᠬᠡ ᠳᠠᠩᠰᠠ ᠶᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ ︵2024 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ︶ | 1. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰᠬᠠᠢ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠠᠢ ᠲᠥᠰᠦᠯ ᠢ | ᠲᠣᠭᠲᠠᠭᠠᠬᠤ ᠶᠢᠨ ᠬᠠᠮᠲᠤ 1 ᠨᠡᠷᠡᠰ ᠬᠤᠯᠪᠣᠭᠠᠴᠢᠨ ᠳᠤᠷᠠᠳᠤᠨ ᠲᠣᠮᠢᠯᠠᠨ᠎ᠠ᠃ | 2. ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠡᠬᠡ ᠳᠠᠩᠰᠠ ᠪᠠᠶᠢᠭᠤᠯᠬᠤ ᠬᠡᠷᠡᠭᠲᠡᠢ᠃ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰᠬᠤᠨ ᠤ ᠳᠤᠭᠤᠶᠢᠯᠠᠩ᠂ ᠭᠡᠷ ᠬᠤᠷᠢᠶᠠᠯᠠᠯ᠂ ᠰᠠᠭᠤᠭᠠᠯᠢ | ᠠᠷᠠᠳ ᠤᠨ ᠵᠥᠪᠯᠡᠯ᠂ ᠠᠳᠠᠯ ᠠᠬᠤᠢ᠂ ᠬᠤᠲᠠ ᠶᠢᠨ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠲᠣᠭᠲᠠᠭᠰᠠᠨ ᠴᠠᠭ ᠤᠨ ᠳᠣᠲᠣᠷ᠎ᠠ᠂ ᠡᠯ᠎ᠡ ᠲᠥᠷᠥᠯ ᠤᠨ ᠬᠤᠪᠢ ᠬᠥᠮᠦᠨ ᠤ ᠳᠤᠷ᠎ᠠ ᠪᠠᠷ ᠢᠶᠠᠨ | ᠪᠠᠶᠢᠭᠤᠯᠤᠭᠰᠠᠨ ᠦᠢᠯᠡ ᠠᠵᠢᠯᠯᠠᠭ᠎ᠠ ᠶᠢ ᠲᠣᠣᠷ ᠲᠠᠲᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠵᠤ᠂ ᠣᠳᠣ ᠶᠢᠨ | ᠪᠠᠶᠢᠭ᠎ᠠ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠠᠭ᠂ ᠪᠠᠷᠢᠯᠭ᠎ᠠ ᠶᠢᠨ ᠲᠠᠯᠠᠪᠠᠢ | ᠂ ᠪᠠᠷᠢᠯᠭ᠎ᠠ ᠶᠢᠨ ᠪᠦᠲᠦᠴᠡ᠂ ᠬᠡᠷᠡᠭᠯᠡᠭᠡᠨ ᠤ ᠰᠢᠨᠵᠢ ᠴᠢᠨᠠᠷ ᠵᠡᠷᠭᠡ ᠮᠡᠳᠡᠭᠡ ᠵᠠᠩᠭᠢ ᠶᠢ ᠨᠢᠭᠡᠳ ᠨᠢᠭᠡ ᠪᠠᠷ | ᠬᠠᠷᠭᠤᠭᠤᠯᠤᠨ ᠪᠠᠶᠢᠴᠠᠭᠠᠵᠤ ᠳᠠᠩᠰᠠᠯᠠᠨ ᠲᠡᠮᠳᠡᠭᠯᠡᠬᠦ ᠶᠢᠨ ᠬᠠᠮᠲᠤ᠂ ᠬᠤᠷᠢᠶᠠᠩᠭᠤᠶᠢᠯᠠᠵᠤ ᠲᠥᠷᠥᠯ ᠬᠤᠪᠢᠶᠠᠨ ᠨᠠᠷᠢᠨ | ᠪᠠᠶᠢᠳᠠᠯ ᠢ ᠣᠶᠢᠯᠠᠭᠠᠬᠤ ᠡᠬᠡ ᠳᠠᠩᠰᠠ ᠶᠢ ᠪᠠᠶᠢᠭᠤᠯᠤᠨ᠎ᠠ᠃ | 3. ᠵᠣᠬᠢᠶᠠᠨ ᠪᠠᠶᠢᠭᠤᠯᠤᠯᠲᠠ ᠠᠴᠠ ᠮᠠᠭᠠᠳᠯᠠᠨ ᠲᠣᠭᠲᠠᠭᠠᠨ᠎ᠠ᠃ ᠵᠢᠭᠰᠠᠭᠠᠨ ᠪᠠᠶᠢᠴᠠᠭᠠᠵᠤ ᠳᠠᠭᠤᠰᠤᠭᠰᠠᠨ ᠤ | ᠳᠠᠷᠠᠭ᠎ᠠ᠂ ᠪᠠᠶᠢᠳᠠᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠦᠨ | ᠬᠦᠷᠭᠡᠬᠦ ᠶᠢᠨ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ | ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠤ ᠮᠡᠳᠡᠭᠦᠯᠦᠨ | ᠮᠠᠭᠠᠳᠯᠠᠨ ᠲᠣᠭᠲᠠᠭᠠᠯᠭᠠᠵᠤ᠂ ᠮᠠᠭᠠᠳᠯᠠᠨ ᠲᠣᠭᠲᠠᠭᠠᠭᠰᠠᠨ ᠪᠠᠶᠢᠳᠠᠯ ᠢᠶᠠᠨ ᠦᠨᠳᠦᠰᠦᠯᠡᠨ ᠪᠣᠳᠠᠲᠠᠢ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠪᠠ ᠴᠡᠭᠴᠡᠯᠡᠨ ᠵᠠᠰᠠᠬᠤ ᠴᠠᠭ ᠤᠨ ᠬᠦᠰᠦᠨᠦᠭᠲᠦ ᠭᠠᠷᠭᠠᠵᠤ᠂ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢ ᠵᠠᠰᠠᠨ ᠴᠡᠭᠴᠡᠯᠡᠬᠦ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠦᠪᠯᠡᠷᠡᠭᠦᠯᠦᠨ ᠵᠠᠰᠠᠨ ᠴᠡᠭᠴᠡᠯᠡᠨ᠎ᠡ ︵2024 ᠣᠨ ᠤ 4 ᠰᠠᠷ᠎ᠠ ᠶᠢᠨ 1 ᠤ ᠡᠳᠦᠷ ᠠᠴᠠ | 10 ᠰᠠᠷ᠎ᠠ ᠶᠢᠨ 31 ᠤ ᠡᠳᠦᠷ︶ | 4. ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠬᠤ ᠬᠡᠷᠡᠭᠲᠡᠢ᠃ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠭᠤᠷᠪᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠪᠠ | ᠨᠤᠷᠠᠭᠠᠵᠤ ᠰᠡᠷᠭᠦᠭᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠤᠳ | ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠪᠠᠶᠢᠴᠠᠭᠠᠨ ᠰᠢᠢᠳᠪᠦᠷᠢᠯᠡᠬᠦ ᠪᠠ ᠨᠤᠷᠠᠭᠠᠬᠤ | ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠬᠤ ᠬᠡᠷᠡᠭᠲᠡᠢ᠃ | ᠬᠤᠲᠠ ᠶᠢᠨ ᠲᠣᠭᠤᠷᠢᠭ ᠤᠨ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠭᠰᠠᠨ ᠰᠠᠨᠠᠯ ᠭᠠᠷᠭᠠᠵᠤ᠂ ᠱᠠ ᠾᠧ᠂ ᠰᠠᠶᠢᠬᠠᠨ | ᠂ ᠪᠠᠶᠠᠨᠰᠢᠯᠢ ᠵᠡᠷᠭᠡ ᠭᠤᠷᠪᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠭᠤᠴᠠᠯᠭ᠎ᠠ ᠶᠢᠨ ᠭᠤᠣᠯ | ᠴᠣᠭᠴᠠ ᠪᠠ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠲᠠ ᠶᠢᠨ ᠲᠣᠭᠤᠷᠢᠭ ᠤᠨ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ ᠡᠵᠡᠮᠳᠡᠬᠦ ᠪᠠ ᠨᠤᠷᠠᠭᠠᠵᠤ | ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠡᠯ᠎ᠡ ᠡᠭᠦᠷᠭᠡ ᠴᠢᠳᠠᠮᠵᠢᠳᠥ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ᠂ ᠲᠤᠭᠤᠷᠢᠭ ᠤᠨ ᠰᠢᠭᠤᠳ | ᠬᠠᠷᠢᠶ᠎ᠠ ᠪᠠᠶᠢᠭᠤᠯᠭ᠎ᠠ ᠨᠢ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠴᠡᠭᠴᠡᠯᠡᠨ | ᠵᠠᠰᠠᠬᠤ ᠶᠢ ᠪᠦᠬᠦ ᠬᠦᠴᠦᠨ ᠢᠶᠠᠷ ᠢᠶᠠᠨ ᠬᠠᠮᠵᠢᠯᠴᠠᠨ ᠥᠷᠨᠢᠭᠦᠯᠦᠨ᠎ᠡ᠃ | 5. ᠬᠤᠪᠢ ᠬᠥᠮᠦᠨ ᠳᠤᠷ᠎ᠠ ᠪᠠᠷ ᠢᠶᠠᠨ ᠪᠠᠶᠢᠭᠤᠯᠬᠤ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ | ᠡᠯ᠎ᠡ ᠲᠥᠷᠥᠯ ᠤᠨ ᠲᠣᠭᠲᠠᠭᠠᠯ ᠢ ᠵᠥᠷᠢᠴᠡᠨ ᠪᠠᠶᠢᠭᠤᠯᠤᠭᠰᠠᠨ ᠲᠥᠯᠥᠪᠵᠢᠭᠦᠯᠭᠡ ᠶᠢ ᠮᠠᠭᠠᠳᠯᠠᠨ ᠲᠣᠭᠲᠠᠭᠠᠭᠰᠠᠨ | ᠰᠠᠨᠠᠯ ᠭᠠᠷᠭᠠᠵᠤ᠂ ᠭᠤᠷᠪᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠮᠠᠭᠠᠳᠯᠠᠨ ᠲᠣᠭᠲᠠᠭᠠᠭᠰᠠᠨ | ᠰᠠᠨᠠᠯ ᠢ ᠦᠨᠳᠦᠰᠦᠯᠡᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠤᠯᠢ︾᠂ ︽ᠪᠤᠭᠤᠲᠤ ᠬᠤᠲᠠ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠲᠦᠷᠢᠮ︾ ᠂ ︽ᠪᠤᠭᠤᠲᠤ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶ᠎ᠠ ᠪᠦᠬᠦᠢ ᠡᠭᠦᠷᠭᠡ ᠴᠢᠳᠠᠮᠵᠢᠳᠥ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠶᠡᠷᠦᠩᠬᠡᠶᠢᠯᠡᠨ ᠨᠤᠷᠠᠭᠠᠨ ᠵᠠᠰᠠᠬᠤ ᠶᠢᠨ ᠬᠠᠮᠲᠤ ᠬᠠᠤᠯᠢ ᠶᠢ ᠵᠥᠷᠢᠴᠡᠨ ᠪᠦᠲᠦᠭᠡᠨ | ᠪᠠᠶᠢᠭᠤᠯᠥᠯᠳᠠ ᠶᠢ ᠨᠤᠷᠠᠭᠠᠨ ᠠᠷᠢᠯᠭᠠᠭᠰᠠᠨ ᠪᠠᠶᠢᠳᠠᠯ ᠢ ᠦᠨᠳᠦᠰᠦᠯᠡᠨ᠂ ︽ᠨᠢᠭᠡ ᠭᠠᠵᠠᠷ ᠲᠤ ᠨᠢᠭᠡ ᠠᠷᠭ᠎ᠠ | ᠪᠣᠳᠣᠯᠭ᠎ᠠ ᠬᠡᠷᠡᠭᠵᠢᠭᠦᠯᠬᠦ︾ ᠶᠡᠷᠦᠩᠬᠡᠶᠢᠯᠡᠨ ᠵᠠᠰᠠᠬᠤ ᠵᠠᠷᠴᠢᠮ ᠶᠣᠰᠣᠭᠠᠷ᠂ ᠨᠤᠷᠠᠭᠠᠨ ᠠᠷᠢᠯᠭᠠᠭᠰᠠᠨ ᠤ ᠳᠠᠷᠠᠭᠠᠬᠢ | ᠣᠯᠠᠨ ᠨᠡᠶᠢᠲᠡ ᠶᠢᠨ ᠲᠠᠯᠠᠪᠤᠷ ᠢ ᠨᠣᠭᠤᠭᠠᠷᠠᠭᠤᠯᠬᠤ᠂ ᠬᠠᠲᠠᠭᠤᠷᠠᠭᠤᠯᠬᠤ᠂ ᠭᠤᠶᠣᠯᠠᠬᠤ ᠵᠡᠷᠭᠡ ᠰᠡᠷᠭᠦᠭᠡᠬᠦ ᠠᠵᠢᠯ ᠢ | ᠰᠠᠶᠢᠲᠤᠷ ᠬᠢᠵᠦ᠂ ︽ᠨᠢᠭᠡ ᠲᠠᠯ᠎ᠠ ᠪᠠᠷ ᠨᠤᠷᠠᠭᠠᠨ ᠨᠡᠭᠦᠯᠭᠡᠵᠤ ᠨᠦᠬᠦᠭᠡ ᠲᠠᠯ᠎ᠠ ᠪᠠᠷ ᠰᠡᠷᠭᠦᠭᠡᠨ ᠪᠠᠶᠢᠭᠤᠯᠬᠤ︾ | ᠶᠢ ᠭᠦᠢᠴᠡᠳᠭᠡᠵᠤ᠂ ᠨᠤᠷᠠᠭᠠᠭᠰᠠᠨ ᠭᠠᠵᠠᠷ ᠲᠤ ᠲᠡᠬᠢᠨ ᠪᠠᠷᠢᠬᠤ ᠪᠠ ᠰᠢᠨ᠎ᠡ ᠪᠠᠷ ᠪᠠᠷᠢᠬᠤ ᠶᠢ ᠰᠡᠷᠭᠡᠶᠢᠯᠡᠨ᠎ᠡ᠃ | ᠲᠦᠷᠦᠭᠦᠯᠡᠨ ᠬᠢᠬᠦ ᠰᠠᠯᠠᠭ᠎ᠠ ᠮᠥᠴᠢᠷ᠄ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠶᠢᠬᠠᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ | ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠨᠡᠭᠦᠳᠡᠯ ᠴᠢᠮᠡᠭᠡ | ᠬᠤᠯᠪᠣᠭ᠎ᠠ ᠵᠡᠷᠭᠡ ᠰᠠᠯᠠᠭ᠎ᠠ ᠮᠥᠴᠢᠷ᠃ | 6. ᠲᠥᠪᠯᠡᠷᠡᠭᠦᠯᠦᠨ ᠴᠡᠭᠴᠡᠯᠡᠬᠦ ᠤᠬᠠᠭᠤᠯᠭ᠎ᠠ ᠮᠡᠳᠡᠭᠡᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ ᠡᠯ᠎ᠡ ᠭᠠᠵᠠᠷ ᠣᠷᠣᠨ᠂ ᠡᠯ᠎ᠡ | ᠡᠭᠦᠷᠭᠡ ᠴᠢᠳᠠᠮᠵᠢᠳᠥ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠡᠭᠴᠡᠯᠡᠨ ᠵᠠᠰᠠᠬᠤ ᠠᠴᠠ ᠡᠮᠦᠨᠡᠭᠢ᠂ | ᠴᠡᠭᠴᠡᠯᠡᠨ ᠵᠠᠰᠠᠬᠤ ᠳᠤᠮᠳᠠ᠂ ᠴᠡᠭᠴᠡᠯᠡᠨ ᠵᠠᠰᠠᠭᠰᠠᠨ ᠤ ᠳᠠᠷᠠᠭᠠᠬᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ | ᠥᠷᠨᠢᠭᠦᠯᠬᠦ ᠬᠡᠷᠡᠭᠲᠡᠢ᠃ | ᠲᠦᠷᠦᠭᠦᠯᠡᠨ ᠬᠢᠬᠦ ᠰᠠᠯᠠᠭ᠎ᠠ ᠮᠥᠴᠢᠷ᠄ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠬᠠᠮᠵᠢᠯᠴᠠᠬᠤ ᠰᠠᠯᠠᠭ᠎ᠠ ᠮᠥᠴᠢᠷ᠄ ᠡᠯ᠎ᠡ ᠵᠡᠭᠡᠯᠢ ᠭᠤᠳᠤᠮᠵᠢ ᠪᠠ ᠡᠭᠦᠷᠭᠡ ᠴᠢᠳᠠᠮᠵᠢ ᠶᠢᠨ ᠰᠠᠯᠠᠭ᠎ᠠ ᠮᠥᠴᠢᠷ | ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠮᠠᠨ ᠤ ᠲᠤᠭᠤᠷᠢᠭ ᠤᠨ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠵᠦ ᠵᠠᠰᠠᠬᠤ ᠠᠵᠢᠯ ᠤᠨ ᠳᠡᠭᠡᠳᠦ ᠳᠣᠣᠷᠠᠳᠤ ᠱᠠᠲᠤ ᠬᠠᠮᠲᠤᠷᠠᠨ | ᠬᠥᠳᠡᠯᠦᠯᠴᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠶᠢᠨ ᠲᠤᠰᠠᠳᠠ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠵᠦ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠵᠤ᠂ ᠪᠦᠷᠢᠯᠳᠦᠬᠦᠨ ᠬᠡᠰᠢᠭᠦᠨ ᠨᠢ | ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠤᠤ ᠪᠦ᠋ ᠵᠢᠶᠦ᠋ᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠱᠢ ᠵᠦ᠋ᠩ ᠴᠢᠥᠸᠠᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠡᠷᠬᠢᠯᠡᠭᠴᠢ | ᠸᠠᠩ ᠶᠥᠩ ᠠᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠵᠢᠶᠠ ᡁᠢ ᠵᠢᠶᠦ᠋ᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠭᠡᠯᠲᠡᠰ ᠤᠨ ᠳᠠᠷᠤᠭ᠎ᠠ | ᠸᠠᠩ ᠷᠦᠢ ᠵᠢᠶᠦ᠋ᠨ ᠲᠣᠭᠤᠷᠢᠭ ᠤᠨ ᠰᠢᠭᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ | ᠭᠦᠸᠧ ᠵᠢᠶᠦ᠋ᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠰᠢᠶᠧ ᠹᠠᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠱᠣ᠋ ᠶᠦᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠵᠠᠩ ᠶᠦᠨ ᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠶᠢᠨ ᡁᠢ ᠴᠢᠶᠠᠩ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠲᠣᠪᠴᠢᠶᠠᠨ ᠳᠠᠷᠤᠭ᠎ᠠ | ᠡᠤ ᠯᠢ ᠳ᠋ᠦᠩ ᠣᠷᠣᠨ ᠤ ᠤᠰᠤᠨ ᠤ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠯᠢᠦ ᠪᠦᠸᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠶᠠᠩ ᠯᠢ ᠹᠠᠩ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠭᠤᠤ ᠹᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠲᠣᠪᠴᠢᠶᠠᠨ ᠳᠠᠷᠤᠭ᠎ᠠ | ᠼᠦᠢ ᠶᠦᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶᠠᠨ ᠤ | ᠲᠣᠪᠴᠢᠶᠠᠨ ᠳᠠᠷᠤᠭ᠎ᠠ᠃ | ᠹᠧᠩ ᠶᠠᠨ ᠵᠠᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠶᠠᠨ ᠹᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠲᠣᠪᠴᠢᠶᠠᠨ ᠳᠠᠷᠤᠭ᠎ᠠ | ᠳ᠋ᠦ᠋ ᠵᠢᠶᠦ᠋ᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ | ᠲᠥᠪ ᠤᠨ ᠡᠷᠬᠢᠯᠡᠭᠴᠢ | ᠵᠧᠩ ᠶᠤᠸᠠᠨ ᠶᠤᠸᠠᠨ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠹᠧᠩ ᠯᠧᠢ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠳ᠋ᠠᠢ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢ ᠰᠢᠦᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠲᠣᠪᠴᠢᠶᠠᠨ | ᠳᠠᠷᠤᠭ᠎ᠠ | ᠭᠦᠸᠧ ᠴᠤᠤ ᠮᠢᠩ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ | ᠲᠣᠪᠴᠢᠶᠠᠨ ᠳᠠᠷᠤᠭ᠎ᠠ | ᠪᠠᠢ ᠫᠧᠩ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ | ᠸᠠᠩ ᠯᠢ ᠵᠢᠶᠦ᠋ᠨ ᠵᠢᠦ ᠶᠤᠸᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠠᠭᠠᠭᠠᠮᠠᠯ | ᠭᠦᠸᠧ ᠫᠧᠩ ᠰᠢᠨ᠎ᠡ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠠᠭᠠᠭᠠᠮᠠᠯ | ᠤᠳᠤᠷᠢᠳᠬᠤ ᠳᠤᠭᠤᠶᠢᠯᠠᠩ ᠨᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ | ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠬᠦ᠂ ᠵᠢᠯᠣᠭᠤᠳᠬᠤ᠂ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ | ᠪᠠᠶᠢᠴᠠᠭᠠᠨ ᠰᠢᠢᠳᠪᠦᠷᠢᠯᠡᠵᠦ᠂ ᠬᠠᠮᠢᠶᠠᠷᠤᠨ ᠡᠵᠡᠮᠳᠡᠵᠦ᠂ ᠨᠤᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ | ᠪᠠᠶᠢᠳᠠᠯ ᠢᠶᠠᠨ ᠵᠠᠷᠯᠠᠨ ᠨᠡᠶᠢᠲᠡᠯᠡᠨ᠎ᠡ︔ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠣᠯᠵᠤ ᠮᠡᠳᠡᠪᠡᠯ | ᠰᠢᠮᠳᠠᠭᠤᠯᠤᠨ ᠰᠢᠢᠳᠪᠦᠷᠢᠯᠡᠭᠦᠯᠦᠨ᠎ᠡ᠃ ᠤᠳᠤᠷᠢᠳᠬᠤ ᠳᠤᠭᠤᠶᠢᠯᠠᠩ ᠠᠴᠠ ᠠᠯᠪᠠᠨ ᠭᠡᠷ ᠭᠠᠷᠭᠠᠵᠤ᠂ ᠠᠯᠪᠠᠨ | ᠭᠡᠷ ᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠸᠠᠩ ᠶᠥᠩ ᠠᠨ ᠨᠥᠬᠦᠷ ᠡᠭᠦᠷᠭᠡᠯᠡᠵᠦ ᠲᠤᠰᠬᠠᠢ ᠴᠡᠭᠴᠡᠯᠡᠨ ᠵᠠᠰᠠᠬᠤ ᠡᠳᠦᠷ ᠲᠤᠲᠤᠮ ᠤᠨ ᠠᠵᠢᠯ | ᠪᠠ ᠪᠦᠬᠦᠯᠢ ᠴᠣᠭᠴᠠ ᠪᠠᠷ ᠠᠬᠢᠭᠤᠯᠬᠤ ᠶᠢ ᠪᠣᠳᠠᠲᠠᠢ ᠬᠠᠷᠢᠭᠤᠴᠠᠨ᠎ᠠ᠃ | ᠵᠢᠷᠭᠤᠭ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ︵ᠨᠢᠭᠡ︶ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠷᠠᠳᠢᠣ᠋ ᠲᠧᠯᠸᠢᠰ᠂ ᠰᠣᠨᠢᠨ᠂ | ᠢᠨᠲ᠋ᠧᠷ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠵᠣᠷᠢᠯᠭ᠎ᠠ᠂ ᠠᠴᠢ ᠬᠤᠯᠪᠣᠭᠳᠠᠯ ᠢ | ᠤᠬᠠᠭᠤᠯᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠬᠤᠣᠷ ᠬᠥᠨᠥᠭᠡᠯ ᠪᠠ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢ ᠴᠡᠭᠴᠡᠯᠡᠨ ᠵᠠᠰᠠᠭᠰᠠᠨ ᠪᠠᠶᠢᠳᠠᠯ ᠵᠡᠷᠭᠡ ᠶᠢ ᠮᠡᠳᠡᠭᠡᠯᠡᠬᠦ ᠶᠢ ᠬᠠᠷᠢᠭᠤᠴᠠᠵᠤ᠂ ᠪᠦᠬᠦ | ᠨᠡᠶᠢᠭᠡᠮ ᠢᠶᠠᠷ ᠢᠶᠠᠨ ᠠᠩᠬᠠᠷᠬᠤ᠂ ᠣᠷᠣᠯᠴᠠᠬᠤ᠂ ᠬᠢᠨᠠᠯᠲᠠ ᠲᠠᠯᠪᠢᠬᠤ ᠶᠢ ᠭᠦᠲᠦᠯᠦᠨ ᠵᠢᠯᠤᠭᠤᠳᠴᠤ ᠂ ᠶᠠᠷᠢᠶ᠎ᠠ | ᠬᠡᠯᠡᠯᠴᠡᠭᠡᠨ ᠤ ᠠᠬᠤᠢ ᠪᠠᠶᠢᠳᠠᠯ ᠢ ᠪᠤᠢ ᠪᠣᠯᠭᠠᠨ᠎ᠠ᠃ | ︵ᠬᠤᠶᠠᠷ︶ ᠲᠣᠭᠤᠷᠢᠭ ᠤᠨ ᠰᠢᠭᠦᠬᠦ ᠬᠤᠷᠢᠶ᠎ᠠ᠄ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠢᠢᠳᠬᠡᠯ | ᠪᠠ ᠪᠠᠷᠢᠯᠭ᠎ᠠ ᠶᠢ ᠠᠯᠪᠠᠳᠠᠯᠭ᠎ᠠ ᠪᠠᠷ ᠨᠤᠷᠠᠭᠠᠬᠤ ᠵᠠᠰᠠᠭ ᠵᠠᠬᠢᠷᠭᠠᠨ ᠤ ᠠᠯᠪᠠᠳᠠᠨ ᠬᠦᠢᠴᠡᠳᠭᠡᠯᠳᠠ ᠶᠢ ᠬᠠᠮᠵᠢᠯᠴᠠᠨ | ᠰᠠᠶᠢᠲᠤᠷ ᠬᠢᠬᠦ ᠶᠢ ᠬᠠᠷᠢᠭᠤᠴᠠᠨ ᠲᠦᠷᠭᠡᠨ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ | ︵ᠭᠤᠷᠪᠠ︶ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠄ ᠪᠦᠬᠦ ᠲᠣᠭᠤᠷᠢᠭ ᠤᠨ ᠴᠡᠭᠴᠡᠯᠡᠨ ᠵᠠᠰᠠᠬᠤ | ᠠᠵᠢᠯ ᠤᠨ ᠪᠦᠭᠦᠶᠢᠯᠠ ᠠᠬᠢᠭᠤᠯᠤᠯᠲᠠ ᠪᠠ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ ᠶᠢ | ᠬᠠᠷᠢᠭᠤᠴᠠᠨ᠎ᠠ︔ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠵᠢᠯᠴᠠᠨ | ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠯᠳᠠ ᠶᠢ ᠬᠠᠮᠢᠶᠠᠷᠤᠨ ᠡᠵᠡᠮᠳᠡᠬᠦ ᠪᠠ ᠨᠤᠷᠠᠭᠠᠬᠤ ᠠᠵᠢᠯ ᠢ | ᠥᠷᠨᠢᠭᠦᠯᠦᠨ᠎ᠡ᠃ | ︵ᠳᠥᠷᠪᠡ︶ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠲᠤᠰ ᠬᠠᠷᠢᠭᠤᠴᠠᠯᠭ᠎ᠠ ᠶᠢᠨ ᠣᠷᠣᠨ ᠤ | ᠳᠣᠲᠣᠷᠠᠬᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ ᠡᠵᠡᠮᠳᠡᠬᠦ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠠ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠶᠡᠷᠦᠩᠬᠡᠢ ᠲᠥᠰᠦᠯ ᠶᠣᠰᠣᠭᠠᠷ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠬᠠᠤᠯᠢ ᠬᠡᠷᠡᠭᠵᠢᠭᠦᠯᠬᠦ ᠠᠵᠢᠯᠲᠠᠨ᠂ | ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ︵ ᠦᠮᠴᠢᠳᠠᠨ ᠤ ᠵᠥᠪᠯᠡᠯ ᠪᠠᠭᠲᠠᠨ᠎ᠠ︶ ᠂ ᠭᠡᠷ | ᠬᠤᠷᠢᠶᠠᠯᠠᠯ᠂ ᠲᠣᠰᠬᠤᠨ ᠤ ᠠᠷᠠᠳ ᠤᠨ ᠵᠥᠪᠯᠡᠯ ᠵᠡᠷᠭᠡ ᠶᠢᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ | ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠵᠦ ᠬᠠᠮᠢᠶᠠᠷᠤᠨ ᠡᠵᠡᠮᠳᠡᠬᠦ ᠲᠣᠭᠲᠠᠴᠠ ᠶᠢ ᠵᠤᠬᠢᠶᠠᠨ | ᠪᠠᠶᠢᠭᠤᠯᠤᠨ᠎ᠠ︔ ᠲᠤᠰ ᠭᠠᠵᠠᠷ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠶᠢᠯᠠᠩ ᠪᠠᠶᠢᠭᠤᠯᠤᠨ ᠴᠡᠭᠴᠡᠯᠡᠨ ᠵᠠᠰᠠᠬᠤ ᠪᠠ | ᠰᠡᠷᠭᠦᠭᠡᠬᠦ ᠲᠥᠯᠥᠪᠯᠡᠭᠡ ᠲᠣᠭᠲᠠᠭᠠᠵᠤ᠂ ᠪᠠᠶᠢᠳᠠᠯ ᠢ ᠣᠶᠢᠯᠠᠭᠠᠵᠤ ᠬᠠᠮᠢᠶᠠᠷᠤᠨ ᠡᠵᠡᠮᠳᠡᠬᠦ ᠡᠬᠡ ᠳᠠᠩᠰᠠ ᠪᠠᠶᠢᠭᠤᠯᠬᠤ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠲᠦᠷᠦᠭᠦᠯᠡᠨ ᠵᠣᠬᠢᠶᠠᠨ ᠪᠠᠶᠢᠭᠤᠯᠵᠤ ᠬᠠᠮᠢᠶᠠᠷᠤᠨ ᠡᠵᠡᠮᠳᠡᠬᠦ ᠪᠠ | ᠨᠤᠷᠠᠭᠠᠵᠤ ᠰᠡᠷᠭᠦᠭᠡᠬᠦ ᠠᠵᠢᠯ ᠢ ᠥᠷᠨᠢᠭᠦᠯᠬᠦ ᠬᠡᠷᠡᠭᠲᠡᠢ᠃ | ︵ᠲᠠᠪᠤ︶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢ | ᠬᠠᠷᠢᠭᠤᠴᠠᠨ᠎ᠠ᠃ | ︵ᠵᠢᠷᠭᠤᠭ᠎ᠠ︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠰᠬᠠᠢ ᠵᠠᠷᠤᠳᠠᠯ ᠤᠨ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠨᠤᠷᠠᠭᠠᠬᠤ ᠲᠠᠯ᠎ᠠ ᠶᠢᠨ ᠵᠠᠷᠤᠳᠠᠯ ᠢ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠦᠷᠦᠭᠦᠯᠡᠨ ᠨᠢᠭᠡᠳᠦᠯᠲᠡᠢ ᠲᠥᠯᠥᠪᠯᠡᠨ ᠪᠦᠷᠢᠳᠭᠡᠨ | ᠬᠤᠷᠢᠶᠠᠩᠭᠤᠶᠢᠯᠠᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠨᠤᠷᠠᠭᠠᠭᠰᠠᠨ ᠤ ᠳᠠᠷᠠᠭᠠᠬᠢ | ᠰᠡᠷᠭᠦᠭᠡᠨ ᠵᠠᠰᠠᠬᠤ ᠵᠡᠷᠭᠡ ᠬᠠᠮᠢᠶ᠎ᠠ ᠪᠦᠬᠦᠢ ᠵᠠᠷᠤᠳᠠᠯ ᠢ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠦᠷᠦᠭᠦᠯᠡᠨ ᠨᠢᠭᠡᠳᠦᠯᠲᠡᠢ ᠲᠥᠯᠥᠪᠯᠡᠨ | ᠪᠦᠷᠢᠳᠭᠡᠨ ᠬᠤᠷᠢᠶᠠᠩᠭᠤᠶᠢᠯᠠᠨ᠎ᠠ᠃ | ︵ᠳᠤᠯᠤᠭ᠎ᠠ︶ ᠲᠣᠭᠤᠷᠢᠭ ᠤᠨ ᠠᠵᠤ ᠦᠢᠯᠡᠳᠪᠦᠷᠢ ᠰᠢᠨᠵᠢᠯᠡᠭᠡ ᠮᠠᠷᠭᠡᠵᠢᠯ ᠤᠨ ᠮᠡᠳᠡᠭᠡ ᠵᠠᠩᠬᠢᠵᠢᠯᠳᠠ ᠶᠢᠨ | ᠲᠣᠪᠴᠢᠶ᠎ᠠ᠄ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯ ᠤᠨ | ᠳᠤᠮᠳᠠᠬᠢ ᠴᠠᠬᠢᠯᠭᠠᠨ ᠬᠤᠯᠪᠣᠭ᠎ᠠ᠂ ᠨᠡᠭᠦᠳᠠᠯ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ ᠠᠵᠤ ᠠᠬᠤᠶᠢᠯᠠᠯ ᠲᠠᠢ | ᠬᠤᠯᠪᠤᠭᠳᠠᠬᠤ ᠴᠡᠭᠴᠡᠯᠡᠨ ᠵᠠᠰᠠᠬᠤ ᠡᠭᠦᠷᠭᠡ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ | ︵ᠨᠠᠢᠮᠠ︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠄ ᠭᠡᠷ ᠪᠠᠷᠢᠯᠭ᠎ᠠ ᠶᠢᠨ ᠬᠡᠷᠡᠭᠯᠡᠭᠴᠢ ᠠᠴᠠ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ | ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠰᠠᠭᠤᠭᠠᠯᠢ ᠬᠤᠷᠢᠶᠠᠯᠠᠯ ᠳᠣᠲᠤᠷᠠᠬᠢ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠶᠢ ᠬᠠᠮᠢᠶᠠᠷᠬᠤ | ᠲᠤᠬᠠᠢ ᠬᠠᠷᠢᠭᠤᠴᠠᠯᠭ᠎ᠠ ᠡᠭᠦᠷᠭᠡ ᠶᠢ ᠭᠦᠢᠴᠡᠳᠬᠡᠬᠦ ᠳᠤ ᠬᠢᠨᠠᠯᠲᠠ ᠲᠠᠯᠪᠢᠵᠤ ᠬᠢᠨᠠᠨ ᠰᠢᠯᠭᠠᠵᠤ ᠰᠢᠢᠳᠪᠦᠷᠢᠯᠡᠬᠦ | ᠠᠷᠭ᠎ᠠ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ | ᠦᠭᠡᠢ ᠢᠳᠡᠪᠬᠢ ᠪᠤᠰᠤ ᠠᠵᠢᠯᠯᠠᠭ᠎ᠠ ᠶᠢ ᠨᠢ ᠪᠤᠭᠤᠲᠤ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠣᠷᠤᠭᠤᠯᠵᠤ ᠬᠤᠪᠢ ᠶᠢ ᠨᠢ ᠬᠠᠰᠤᠵᠤ ᠥᠭᠬᠦ ᠶᠢᠨ | ᠬᠠᠮᠲᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ ᠠᠴᠠ ᠪᠣᠯᠵᠤ ᠰᠢᠨ᠎ᠡ ᠪᠠᠷ | ᠨᠡᠮᠡᠭᠳᠡᠭᠰᠡᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠢᠯᠡᠷᠡᠭᠰᠡᠨ ᠪᠠᠶᠢᠪᠠᠯ᠂ ︽ᠨᠢᠭᠡ ᠪᠢᠯᠧᠲ ᠢᠶᠠᠷ | ᠦᠭᠡᠶᠢᠰᠬᠡᠬᠦ︾ ᠶᠢ ᠬᠡᠷᠡᠭᠵᠢᠭᠦᠯᠦᠨ᠎ᠡ︔ ᠵᠠᠳᠠᠭᠠᠢ ᠰᠠᠷᠠᠪᠴᠢ ᠴᠤᠩᠬᠤ ᠶᠢ ᠪᠢᠲᠡᠭᠦᠮᠵᠢᠯᠡᠨ ᠥᠭᠡᠷᠡᠴᠢᠯᠡᠬᠦ ᠪᠠ | ᠬᠤᠯᠠᠭᠠᠶᠢᠯᠠᠬᠤ ᠶᠢ ᠰᠡᠷᠭᠡᠶᠢᠯᠡᠬᠦ ᠰᠡᠷᠠᠯᠵᠢ ᠨᠡᠮᠡᠵᠦ ᠤᠭᠰᠠᠷᠠᠬᠤ ᠵᠡᠷᠭᠡ ᠪᠠᠷᠢᠯᠭ᠎ᠠ ᠳᠤ ᠥᠭᠡᠷᠡᠴᠢᠯᠡᠬᠦ ᠪᠠᠷᠢᠮᠵᠢᠶ᠎ᠠ ᠶᠢ | ᠬᠠᠷᠢᠭᠤᠴᠠᠨ ᠲᠣᠭᠲᠠᠭᠠᠨ᠎ᠠ︔ ᠳᠤᠷ᠎ᠠ ᠪᠠᠷ ᠢᠶᠠᠨ ᠪᠠᠶᠢᠭᠤᠯᠵᠤ ᠪᠠᠷᠢᠯᠭ᠎ᠠ ᠶᠢ ᠨᠤᠷᠠᠭᠠᠭᠰᠠᠨ ᠤ ᠳᠠᠷᠠᠭᠠᠭᠢ ᠰᠡᠷᠭᠦᠭᠡᠬᠦ | ᠠᠵᠢᠯ ᠢ ᠬᠠᠷᠢᠭᠤᠴᠠᠨ᠎ᠠ᠃ | ︵ᠶᠢᠰᠦ︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠠᠤᠯᠢ ᠶᠢ | ᠵᠥᠷᠢᠴᠡᠨ ᠪᠠᠶᠢᠭᠤᠯᠵᠤ ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠨ ᠡᠵᠡᠩᠨᠡᠬᠦ ᠠᠵᠢᠯᠯᠠᠭ᠎ᠠ ᠡᠷᠬᠢᠯᠡᠵᠦ ᠪᠠᠶᠢᠭ᠎ᠠ | ᠨᠢᠭᠡᠴᠡ ᠪᠠ ᠬᠤᠪᠢ ᠬᠥᠮᠦᠨ ᠳᠤ ︽ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾ | ᠣᠯᠭᠤᠬᠤ ᠦᠭᠡᠢ᠃ ᠨᠢᠭᠡᠨᠳᠡ ︽ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾ | ᠣᠯᠣᠭᠰᠠᠨ ᠪᠠᠶᠢᠪᠠᠯ ᠲᠤᠰ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠥᠯᠢ ᠴᠠᠭᠠᠵᠠ ᠬᠠᠥᠯᠢ ᠳᠦᠷᠢᠮ ᠤᠨ | ᠶᠤᠰᠤᠭᠠᠷ ᠰᠢᠢᠳᠪᠦᠷᠢᠯᠡᠵᠦ᠂ ᠬᠠᠮᠳᠤ ᠳᠤᠨᠢ ᠠᠶᠥᠯᠬᠦᠢ ᠦᠢᠯᠡᠳᠪᠦᠷᠢᠯᠡᠯ ᠤᠨ ᠬᠦᠮᠦᠵᠢᠯ ᠤᠨ ᠠᠵᠢᠯᠯᠠᠭ᠎ᠠ ᠶᠢ | ᠴᠢᠩᠭᠠᠳᠬᠠᠵᠤ᠂ ᠠᠮᠤᠷ ᠲᠦᠪᠰᠢᠨ ᠤ ᠠᠳᠡᠭᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠳᠤᠯᠠᠨ᠎ᠠ᠃ | ︵ᠠᠷᠪᠠ︶ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠄ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠬᠤᠭᠤᠴᠠᠭᠠᠨ ᠳᠠᠬᠢ ᠬᠤᠯᠪᠣᠭᠳᠠᠯ ᠪᠦᠬᠦᠢ ᠵᠠᠬᠢᠳᠠᠯ | ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠬᠠᠮᠢᠶ᠎ᠠ ᠪᠦᠬᠦᠢ | ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠵᠣᠬᠢᠴᠠᠭᠤᠯᠤᠨ ᠰᠠᠶᠢᠲᠤᠷ ᠰᠢᠢᠳᠪᠦᠷᠢᠯᠡᠨ᠎ᠡ᠃ | ︵ᠠᠷᠪᠠᠨ ᠨᠢᠭᠡ︶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠬᠠᠤᠯᠢ ᠠᠴᠠ | ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠳᠤᠮᠳᠠ ᠬᠤᠯᠪᠣᠭᠳᠠᠭᠰᠠᠨ ᠬᠠᠷ᠎ᠠ ᠪᠦᠯᠦᠭᠲᠡᠨ ᠪᠠ ᠬᠠᠷᠭᠢᠰ | ᠬᠦᠴᠦᠨ ᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠬᠠᠷᠢᠭᠤᠴᠠᠨ᠎ᠠ︔ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠪᠠ ᠳᠤᠷ᠎ᠠ ᠪᠠᠷ ᠢᠶᠠᠨ ᠪᠠᠶᠢᠭᠤᠯᠤᠭᠰᠠᠨ ᠪᠠᠷᠢᠯᠭ᠎ᠠ ᠶᠢ ᠠᠯᠪᠠᠳᠠᠨ ᠨᠤᠷᠠᠭᠠᠬᠤ ᠶᠠᠪᠤᠴᠠ ᠳᠤ | ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ | ᠵᠣᠭᠰᠤᠭᠠᠵᠤ ᠪᠠᠶᠢᠴᠠᠭᠠᠨ ᠰᠢᠢᠳᠪᠥᠷᠢᠯᠡᠬᠦ ᠶᠢ ᠬᠠᠷᠢᠭᠤᠴᠠᠨ᠎ᠠ᠃ | ︵ᠠᠷᠪᠠᠨ ᠬᠤᠶᠠᠷ︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ᠂ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠂ ᠰᠤᠷᠭᠠᠨ ᠬᠥᠮᠦᠵᠢᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ᠄ ᠲᠥᠯᠥᠪᠵᠢᠭᠦᠯᠭᠡ ᠶᠢᠨ ᠭᠠᠷᠳᠠᠮ ᠦᠭᠡᠢ ︵ᠰᠠᠭᠤᠭᠠᠯᠢ | ᠬᠤᠷᠢᠶᠠᠯᠠᠯ ᠳᠣᠲᠤᠷ᠎ᠠ ᠳᠤᠷ᠎ᠠ ᠪᠠᠷ ᠢᠶᠠᠨ ᠪᠠᠶᠢᠭᠤᠯᠬᠤ᠂ ᠬᠡᠷᠡᠮ ᠢ ᠡᠪᠳᠡᠵᠦ ᠳᠡᠯᠭᠡᠭᠦᠷ ᠨᠡᠭᠡᠭᠡᠬᠦ ᠪᠠᠭᠳᠠᠭᠳᠠᠨ᠎ᠠ ︶ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠬᠤᠳᠠᠯᠳᠤᠭᠠᠨ ᠤ ᠲᠠᠯᠠᠪᠤᠷ᠂ | ᠬᠤᠳᠠᠯᠳᠤᠭᠠᠨ ᠤ ᠬᠤᠲᠠᠬᠠᠨ᠂ ᠴᠢᠯᠦᠭᠡᠳᠦ ᠳᠡᠯᠭᠡᠭᠦᠷ᠂ ᠵᠤᠭ᠎ᠠ ᠴᠡᠩᠭᠡᠯ ᠤᠨ ᠭᠠᠵᠠᠷ᠂ ᠪᠡᠶ᠎ᠡ ᠶᠢᠨ ᠲᠠᠮᠢᠷ ᠤᠨ | ᠲᠠᠯᠠᠪᠤᠷ ᠣᠷᠳᠣᠨ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ᠂ ᠰᠤᠷᠭᠠᠭᠤᠯᠢ᠂ ᠬᠥᠮᠦᠵᠢᠯ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠵᠣᠴᠢᠳ ᠤᠨ ᠪᠠᠭᠤᠳᠠᠯ᠂ ᠬᠤᠭᠤᠯᠠᠨ ᠭᠡᠷ᠂ ᠱᠠᠰᠢᠨ ᠤ ᠳᠤᠭᠠᠩ ᠵᠡᠷᠭᠡ | ᠬᠥᠮᠦᠰ ᠴᠤᠭᠯᠠᠷᠠᠬᠤ ᠭᠠᠵᠠᠷ ᠣᠷᠣᠨ ᠤ ᠪᠠᠷᠢᠯᠭ᠎ᠠ ᠳᠤ ᠲᠤᠰᠬᠠᠢ ᠪᠠᠶᠢᠳᠠᠯ ᠢ ᠣᠶᠢᠯᠠᠭᠠᠨ ᠪᠠᠶᠢᠴᠠᠭᠠᠬᠤ ᠠᠵᠢᠯ ᠢ | ᠳᠠᠷᠤᠢ ᠲᠦᠷᠭᠡᠨ ᠥᠷᠨᠢᠭᠦᠯᠦᠨ᠎ᠡ︔ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠵᠤ ᠡᠵᠡᠩᠨᠡᠯᠲᠡ ᠶᠢᠨ ᠠᠵᠢᠯᠯᠠᠭ᠎ᠠ | ᠬᠢᠬᠦ ᠪᠤᠶᠤ ᠬᠠᠤᠯᠢ ᠶᠣᠰᠣᠨ ᠤ ᠡᠵᠡᠩᠨᠡᠯᠲᠡ ᠶᠢᠨ ᠲᠠᠯᠠᠪᠤᠷ ᠤᠨ ᠬᠡᠷᠡᠭᠯᠡᠬᠦ ᠭᠡᠷᠡᠴᠢ ᠬᠠᠩᠭᠠᠵᠤ ᠳᠡᠶᠢᠯᠬᠦ ᠦᠭᠡᠢ | ᠪᠠᠶᠢᠪᠠᠯ᠂ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠬᠤ ᠦᠭᠡᠢ ᠂ ᠡᠰᠡᠬᠦᠯ᠎ᠡ ᠬᠠᠮᠢᠶ᠎ᠠ | ᠪᠦᠬᠦᠢ ᠭᠠᠷᠳᠠᠮ ᠪᠤᠶᠤ ᠣᠨ ᠤ ᠪᠠᠶᠢᠴᠠᠭᠠᠯᠲᠠ ᠬᠢᠵᠦ ᠥᠭᠬᠦ ᠦᠭᠡᠢ︔ ᠨᠢᠭᠡᠨᠲᠡ ᠳᠦᠷᠢᠮ ᠠᠴᠠ ᠵᠥᠷᠢᠴᠡᠭᠰᠡᠨ | ᠪᠠᠷᠢᠯᠭ᠎ᠠ ᠪᠠᠷ ᠮᠠᠭᠠᠳᠯᠠᠨ ᠲᠣᠭᠲᠠᠭᠠᠭᠰᠠᠨ ᠪᠥᠭᠡᠳ ᠬᠠᠮᠢᠶ᠎ᠠ ᠪᠦᠬᠦᠢ ᠡᠵᠡᠩᠨᠡᠯᠲᠡ ᠶᠢᠨ ᠦᠨᠡᠮᠯᠡᠯ ᠲᠠᠢ ᠪᠠᠶᠢᠪᠠᠯ᠂ | ᠬᠠᠮᠢᠶ᠎ᠠ ᠪᠦᠬᠦᠢ ᠦᠨᠡᠮᠯᠡᠯ ᠢ ᠬᠦᠴᠦᠨ ᠦᠭᠡᠢ ᠪᠣᠯᠭᠠᠬᠤ ᠶᠢᠨ ᠬᠠᠮᠲᠤ ᠦᠵᠡᠯ ᠰᠠᠨᠠᠭᠠᠨ ᠤ ᠬᠥᠮᠦᠵᠢᠯ ᠤᠨ ᠠᠵᠢᠯ ᠢ | ᠰᠠᠶᠢᠲᠤᠷ ᠬᠢᠵᠦ᠂ ᠵᠠᠰᠠᠨ ᠴᠡᠭᠴᠡᠯᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠰ ᠲᠤᠰ ᠤᠨ ᠡᠭᠦᠷᠭᠡ ᠴᠢᠳᠠᠮᠵᠢ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠢᠨᠠᠠ ᠬᠠᠮᠢᠶᠠᠷᠤᠯᠲᠠ ᠶᠢ ᠰᠠᠶᠢᠳᠤᠷ ᠬᠢᠬᠦ ᠪᠦᠭᠡᠳ ᠰᠤᠮᠤ ᠪᠠᠯᠭᠠᠰᠤ | ᠵᠡᠭᠡᠯᠢ ᠭᠤᠳᠤᠮᠵᠢ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ | ︵ᠠᠷᠪᠠᠨ ᠭᠤᠷᠪᠠ︶ ᠲᠣᠭᠤᠷᠢᠭ ᠲᠤ ᠰᠠᠭᠤᠭ᠎ᠠ ᠤᠰᠤ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠢ ᠬᠡᠢ | ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠠᠵᠢᠯ ᠦᠢᠯᠡᠰ ᠤᠨ ᠰᠠᠯᠠᠭ᠎ᠠ ᠮᠥᠴᠢᠷ᠄ | ᠬᠠᠮᠢᠶ᠎ᠠ ᠪᠦᠬᠦᠢ ᠵᠠᠯᠭᠠᠨ ᠣᠷᠣᠭᠤᠯᠬᠤ ᠭᠠᠷᠳᠠᠮ ᠭᠦᠢᠴᠡᠳᠬᠡᠬᠦ ᠦᠶ᠎ᠡ ᠳᠤ᠂ ᠬᠠᠤᠯᠢ ᠠᠴᠠ ᠵᠦᠷᠢᠴᠡᠭᠰᠡᠨ | ᠪᠠᠷᠢᠯᠭ᠎ᠠ ᠳᠤ ᠲᠤᠬᠠᠶᠢᠯᠠᠭᠰᠠᠨ ᠠᠵᠢᠯ ᠦᠨᠦᠢᠯᠡᠴᠢᠯᠡᠭᠡ ᠬᠠᠩᠭᠠᠬᠤ ᠦᠭᠡᠢ︔ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ᠂ ᠭᠡᠷ ᠪᠠᠶᠢᠰᠢᠩ ᠤᠨ ᠬᠠᠮᠢᠶᠠᠷᠤᠯᠲᠠ ᠵᠢᠴᠢ ᠬᠤᠷᠢᠶᠠᠯᠠᠯ ᠤᠨ ᠥᠭᠡᠷᠡᠴᠢᠯᠡᠯᠲᠡ ᠶᠢᠨ ᠠᠬᠢᠴᠠ ᠪᠠ | ᠱᠠᠭᠠᠷᠳᠠᠯᠭ᠎ᠠ ᠶᠣᠰᠣᠭᠠᠷ᠂ ᠣᠲᠠᠰᠤᠨ ᠱᠤᠭᠤᠮ ᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠶᠢ | ᠬᠠᠷᠢᠭᠤᠴᠠᠨ᠎ᠠ︔ ᠳᠤᠷ᠎ᠠ ᠪᠠᠷ ᠢᠶᠠᠨ ᠤᠲᠠᠰᠤ ᠲᠠᠲᠠᠵᠤ ᠳᠤᠷ᠎ᠠ ᠪᠠᠷ ᠢᠶᠠᠨ ᠵᠠᠯᠭᠠᠭᠰᠠᠨ ᠦᠢᠯᠡ ᠠᠵᠢᠯᠯᠠᠭ᠎ᠠ ᠶᠢ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠲᠣᠭᠤᠷᠢᠭ ᠤᠨ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠪᠥᠭᠡᠳ ᠪᠦᠲᠦᠮᠵᠢᠲᠡᠢ ᠪᠠᠷ ᠥᠷᠨᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠡᠨᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠦᠨᠡᠨᠬᠦ ᠣᠷᠣᠭᠤᠯᠵᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠰᠢᠮᠳᠠᠭᠤᠯᠤᠨ | ᠭᠦᠢᠴᠡᠳᠬᠡᠯᠭᠡᠵᠦ᠂ ᠲᠤᠰᠬᠠᠢ ᠴᠡᠭᠴᠡᠯᠡᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠤᠬᠠᠭᠤᠯᠭ᠎ᠠ ᠶᠢ ᠳᠡᠯᠭᠡᠷᠡᠩᠭᠦᠢ ᠥᠷᠨᠢᠭᠦᠯᠵᠦ᠂ ᠡᠶ᠎ᠡ ᠵᠣᠬᠢᠴᠠᠩᠭᠤᠢ ᠠᠬᠤᠢ ᠪᠠᠶᠢᠳᠠᠯ ᠢ ᠪᠣᠢ | ᠪᠣᠯᠭᠠᠨ᠎ᠠ᠃ ᠤᠬᠠᠭᠤᠯᠬᠤ ᠰᠠᠯᠠᠭ᠎ᠠ ᠮᠥᠴᠢᠷ ᠤᠨ ᠬᠢᠨ ᠸᠢᠴᠠᠲ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ | ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ | ᠰᠠᠶᠢᠲᠤᠷ ᠬᠢᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠬᠤ ᠶᠢᠨ ᠬᠤᠣᠷ ᠬᠥᠨᠥᠭᠡᠯ ᠢ ᠶᠡᠬᠡᠪᠡᠷ ᠤᠬᠠᠭᠤᠯᠤᠨ᠂ ᠥᠷᠭᠡᠨ ᠣᠯᠠᠨ ᠲᠦᠮᠡᠨ ᠢ ᠬᠥᠮᠦᠵᠢᠭᠦᠯᠦᠨ | ᠬᠥᠲᠥᠯᠥᠨ ᠵᠢᠯᠣᠭᠤᠳᠴᠤ ᠪᠠᠶᠢᠭᠠᠳ ᠲᠡᠳᠡᠨᠤᠰ ᠤᠨ ᠲᠡᠮᠵᠢᠯᠭᠡ ᠶᠢ ᠣᠯᠵᠤ ᠬᠠᠮᠵᠢᠯᠴᠠᠭᠤᠯᠤᠨ᠎ᠠ᠃ ᠡᠭᠦᠨ ᠤ | ᠬᠠᠮᠲᠤ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠭᠦᠷᠭᠡ ᠴᠢᠳᠠᠮᠵᠢᠳᠥ | ᠰᠠᠯᠠᠭ᠎ᠠ ᠮᠥᠴᠢᠷ ᠤᠳ ᠨᠡᠶᠢᠭᠡᠮ ᠲᠠᠶᠠᠭᠠᠷ ᠲᠤ ᠢᠯᠡᠴᠢᠯᠡᠨ ᠮᠡᠳᠡᠭᠦᠯᠬᠦ ᠤᠲᠠᠰᠤ ᠪᠣᠯᠤᠨ ᠵᠠᠬᠢᠳᠠᠯ ᠤᠨ ᠬᠠᠶ᠋ᠢᠭ ᠢᠶᠠᠨ | ᠨᠡᠶᠢᠲᠡᠯᠡᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ᠂ ᠨᠡᠶᠢᠭᠡᠮ ᠤᠨ ᠬᠢᠨᠠᠯᠲᠠ ᠶᠢ | ᠬᠦᠯᠢᠶᠡᠬᠦ ᠬᠡᠷᠡᠭᠲᠡᠢ᠃ | ︵ᠭᠤᠷᠪᠠ︶ ᠬᠠᠤᠯᠢ ᠶᠣᠰᠣᠭᠠᠷ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ ᠶᠢ ᠪᠠᠷᠢᠮᠲᠠᠯᠠᠵᠤ᠂ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠠᠢ | ᠢᠳᠡᠪᠬᠢᠲᠡᠢ ᠬᠠᠮᠵᠢᠯᠴᠠᠵᠤ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠬᠠᠤᠯᠢ ᠶᠣᠰᠣᠭᠠᠷ | ᠮᠠᠭᠠᠳᠯᠠᠨ ᠲᠣᠭᠲᠠᠭᠠᠬᠤ ᠪᠠ ᠨᠤᠷᠠᠭᠠᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠭᠦᠷᠭᠡ ᠴᠢᠳᠠᠮᠵᠢᠳᠤ ᠰᠠᠯᠠᠭ᠎ᠠ ᠮᠥᠴᠢᠷ᠂ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠪᠦᠲᠦᠮᠵᠢᠲᠡᠢ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠨ ᠡᠵᠡᠮᠳᠡᠵᠦ | ᠪᠠᠶᠢᠴᠠᠭᠠᠨ ᠰᠢᠢᠳᠪᠦᠷᠢᠯᠡᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠬᠠᠤᠯᠢ ᠬᠡᠷᠡᠭᠵᠢᠭᠦᠯᠬᠦ ᠪᠠ ᠬᠠᠮᠵᠢᠯᠴᠠᠬᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠨ᠂ ᠬᠡᠯᠡᠵᠦ ᠪᠢᠰᠢᠷᠡᠭᠦᠯᠦᠨ ᠬᠥᠮᠦᠵᠢᠭᠦᠯᠬᠦ ᠶᠢ ᠴᠢᠬᠤᠯᠠᠴᠢᠯᠠᠵᠤ᠂ ᠪᠦᠲᠦᠭᠡᠨ ᠪᠠᠶᠢᠭᠤᠯᠬᠤ | ᠨᠢᠭᠡᠴᠡ ᠪᠤᠶᠤ ᠬᠤᠪᠢ ᠬᠥᠮᠦᠨ ᠤ ᠦᠪᠡᠰᠦᠪᠡᠨ ᠨᠤᠷᠠᠭᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠬᠤ | ᠬᠡᠷᠡᠭᠲᠡᠢ ︔ ᠠᠯᠪᠠᠳᠠᠯᠭ᠎ᠠ ᠪᠠᠷ ᠨᠤᠷᠠᠭᠠᠬᠤ ᠴᠢᠬᠤᠯᠠᠲᠠᠢ ᠪᠣᠯ ︽ᠦᠵᠡᠯ ᠰᠠᠨᠠᠭᠠᠨ ᠤ ᠠᠵᠢᠯ ᠢ ᠲᠡᠷᠢᠭᠦᠨ ᠳᠤ | ᠲᠠᠯᠪᠢᠬᠤ᠂ ᠲᠦᠭᠰᠢᠭᠦᠷᠢ ᠶᠢ ᠦᠨᠡᠯᠡᠨ ᠵᠢᠱᠢᠬᠦ ᠶᠢ ᠲᠡᠷᠢᠭᠦᠨ ᠳᠤ ᠲᠠᠯᠪᠢᠬᠤ᠂ ᠣᠯᠠᠨ ᠲᠦᠮᠡᠨ ᠤ ᠠᠵᠢᠯ ᠢ | ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠴᠢᠩᠭ᠎ᠠ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠡᠶᠢᠭᠡᠮ ᠤᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ᠃ ᠲᠣᠭᠲᠠᠭᠠᠯ ᠠᠴᠠ ᠵᠦᠷᠢᠴᠡᠭᠰᠡᠨ | ᠪᠠᠷᠢᠯᠭ᠎ᠠ ᠶᠢ ᠠᠯᠪᠠᠳᠠᠯᠭ᠎ᠠ ᠪᠠᠷ ᠨᠤᠷᠠᠭᠠᠬᠤ ᠦᠶ᠎ᠡ ᠳᠤ᠂ ᠬᠠᠮᠢᠶ᠎ᠠ ᠪᠦᠬᠦᠢ ᠬᠠᠷᠢᠭᠤᠴᠠᠯᠭᠠᠳᠤ ᠨᠢᠭᠡᠴᠡ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠤᠷᠢᠳᠴᠢᠯᠠᠨ ᠬᠢᠵᠤ᠂ ᠪᠦᠯᠦᠭᠯᠡᠯ ᠤᠨ ᠴᠢᠨᠠᠷᠲᠠᠢ ᠬᠡᠷᠡᠭ | ᠪᠠ ᠨᠡᠶᠢᠭᠡᠮ ᠤᠨ ᠵᠥᠷᠢᠴᠡᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠬᠠᠤᠯᠢ ᠴᠠᠭᠠᠵᠠ ᠶᠢᠨ ᠪᠠᠶᠢᠭᠤᠯᠭ᠎ᠠ ᠯᠤᠭ᠎ᠠ ᠶᠢᠨ | ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠯᠠᠪᠯᠠᠯᠭ᠎ᠠ ᠶᠢ ᠰᠠᠶᠢᠲᠤᠷ ᠬᠢᠵᠦ᠂ ᠬᠠᠤᠯᠢ | ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠵᠥᠷᠢᠴᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ ᠲᠣᠭᠲᠠᠭᠠᠯ ᠠᠴᠠ ᠵᠥᠷᠢᠴᠡᠡ ᠰᠦᠷᠦᠨ ᠪᠠᠶᠢᠭᠤᠯᠬᠤ᠂ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ᠂ | ᠢᠯᠡᠴᠢᠯᠡᠨ ᠮᠡᠳᠡᠭᠦᠯᠦᠭᠴᠢ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠳᠤ ᠥᠰᠢᠶ᠎ᠡ ᠠᠪᠬᠤ ᠵᠡᠷᠭᠡ ᠦᠢᠯᠡ | ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠨᠤᠷᠠᠭᠠᠬᠤ ᠲᠤᠰᠬᠠᠢ ᠪᠡᠯᠡ ᠮᠥᠩᠭᠦ ᠭᠠᠷᠭᠠᠵᠤ | ᠂ ᠨᠤᠷᠠᠭᠠᠨ ᠨᠡᠭᠦᠯᠭᠡᠬᠦ ᠵᠢᠴᠢ ᠨᠤᠷᠠᠭᠠᠨ ᠨᠡᠭᠦᠯᠭᠡᠭᠰᠡᠨ ᠤ ᠳᠠᠷᠠᠭ᠎ᠠ ᠰᠡᠷᠭᠦᠭᠡᠬᠦ ᠵᠡᠷᠭᠡ ᠬᠠᠮᠢᠶ᠎ᠠ ᠪᠦᠬᠦᠢ ᠠᠵᠢᠯ ᠤᠨ | ᠵᠠᠷᠤᠳᠠᠯ ᠤᠨ ᠢᠷᠡᠯᠲᠡ ᠶᠢ ᠪᠠᠲᠤᠯᠠᠵᠤ᠂ ᠨᠤᠷᠠᠭᠠᠨ ᠨᠡᠭᠦᠯᠭᠡᠬᠦ ᠠᠵᠢᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃ | ︵ᠳᠥᠷᠪᠡ︶ ᠤᠷᠲᠤ ᠬᠤᠭᠤᠴᠠᠭᠠᠨ ᠤ ᠪᠦᠳᠦᠮᠵᠢᠳᠤ ᠬᠠᠮᠢᠶᠠᠷᠥᠯᠳᠠ ᠬᠢᠵᠤ᠂ ᠦᠷ᠎ᠡ ᠪᠦᠲᠦᠭᠡᠯ ᠢᠶᠠᠨ | ᠪᠠᠬᠢᠵᠢᠭᠦᠯᠦᠨ᠎ᠡ᠃ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ | ᠳᠠᠭᠤᠰᠤᠭᠰᠠᠨ ᠤ ᠳᠠᠷᠠᠭ᠎ᠠ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠂ ︽ᠬᠡᠨ ᠭᠤᠣᠯᠴᠢᠯᠠᠨ ᠬᠠᠮᠢᠶᠠᠷᠪᠠᠯ | ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠰᠢᠰᠲ᠋ᠧᠮᠵᠢ ᠪᠣᠯᠤᠨ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠦᠲᠦᠮᠵᠢᠲᠡᠢ ᠪᠠᠷ ᠪᠠᠬᠢᠵᠢᠭᠦᠯᠵᠦ᠂ | ᠲᠣᠭᠲᠠᠭᠠᠯ ᠠᠴᠠ ᠵᠥᠷᠢᠴᠡᠨ ᠪᠠᠶᠢᠭᠤᠯᠬᠤ ᠰᠢᠨ᠎ᠡ ᠪᠠᠶᠢᠳᠠᠯ ᠭᠠᠷᠬᠤ ᠶᠢ ᠲᠠᠰᠤ ᠵᠣᠭᠰᠣᠭᠠᠵᠤ᠂ ᠬᠤᠲᠠ ᠶᠢᠨ | ᠦᠵᠡᠮᠵᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠣᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠢ᠃ | ᠳᠠᠭᠠᠯᠳᠤᠭᠤᠯᠤᠯ᠄ 1. ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ | ᠣᠷᠣᠨ ᠤ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ | ᠬᠠᠷᠢᠯᠴᠠᠬᠤ ᠬᠥᠮᠦᠨ ᠤ ᠨᠡᠷᠡᠰ | 2. ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠯᠲᠠ ᠶᠢᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢᠨ ᠬᠦᠰᠦᠨᠦᠭᠲᠦ | 3. ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠰᠠᠷ᠎ᠠ ᠶᠢᠨ | ᠲᠥᠯᠥᠪᠯᠡᠭᠡ ᠶᠢᠨ ᠬᠦᠰᠦᠨᠦᠭᠲᠦ | 4. ᠵᠢᠦ ᠶᠤᠸᠠᠨ ᠲᠣᠭᠤᠷᠢᠭ ᠤᠨ 2024 ᠣᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠴᠡᠭᠴᠡᠯᠡᠨ ᠵᠠᠰᠠᠬᠤ ᠭᠠᠷᠠᠭ ᠤᠨ ᠮᠡᠳᠡᠭᠦᠯᠬᠦ | ᠬᠦᠰᠦᠨᠦᠭᠲᠦ | | | | | |