2 ᠳ᠋ᠤᠭᠠᠷ ᠰᠠᠷ᠎ᠠ ᠶᠢᠨ 17 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠦᠢᠷ ᠬᠤᠳᠡ ᠳᠤ ᠡᠬᠢᠯᠡᠪᠡ᠃ ᠲᠦᠷᠦ ᠶᠢᠨ ᠶᠠᠪᠤᠳᠠᠯ ᠤᠨ | ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠭᠡᠣᠨ ᠴᠣᠭᠯᠠᠭᠠᠨ ᠡᠬᠢᠯᠡᠭᠰᠡᠨ ᠢ | ᠵᠠᠷᠯᠡᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠭᠡᠣᠨ ᠤᠭᠳᠣᠯᠭᠠ ᠶᠢᠨ ᠦᠭᠡ ᠬᠡᠯᠡᠵᠦ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶᠠᠨ ᠤ ᠳᠠᠷᠤᠭ᠎ᠠ ᠭᠤᠤ ᡁᠢ ᠳ᠋ᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ | ᠪᠦᠭᠡᠣᠨ ᠡᠬᠢᠯᠡᠯᠲᠡ ᠶᠢᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠢᠤᠢ ᠬᠤᠢ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠵᠧᠦ ᠶᠢᠨ ᠴᠢᠶᠠᠩ᠂ ᠵᠠᠩ ᠵᠢᠶᠠ ᠱᠧᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ | ᠶᠠᠨ ᠺᠦᠨ᠂ ᠢᠤᠢ ᠯᠢ ᠰᠢᠨ᠂ ᠦ᠋ ᠶᠠᠨ ᠭᠠᠩ᠂ ᠶᠠᠩ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | 2 ᠳ᠋ᠤᠭᠠᠷ ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠬᠯᠠᠯᠳᠠ ᠶᠢᠨ ᠬᠦᠷᠢᠶ᠎ᠡ ᠴᠠᠷᠠᠭᠠᠨ ᠳᠤ | ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠷᠥᠯ ᠵᠥᠢᠯ ᠢ ᠪᠠᠶᠢᠷᠢᠯᠠᠭᠤᠯᠤᠨ ᠠᠬᠢᠭᠤᠯᠬᠤ ᠸᠢᠳᠢᠣ᠋ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠢᠴᠢᠨ ᠬᠤᠷᠠᠯ ᠳᠤ ᠣᠷᠣᠯᠴᠠᠭᠰᠠᠨ | ᠪᠦᠭᠡᠣᠨ ᠶᠠᠷᠢᠶ᠎ᠠ ᠲᠠᠯᠪᠢᠪᠠ᠃ | 2 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠢᠩᠬᠢᠮ ᠪᠠ | ︽ᠮᠧᠩ ᠺᠧ ᠵᠢᠣᠢ︾ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠲᠠᠪᠴᠠᠩ ᠢᠶᠠᠷ ᠲᠣᠭᠤᠷᠢᠨ ᠦᠵᠡᠵᠣ᠂ | ᠠᠵᠢᠯ ᠪᠠᠶᠢᠴᠠᠭᠠᠨ ᠰᠤᠳᠤᠯᠬᠤ ᠶᠢᠨ ᠬᠠᠮᠲᠤ ᠺᠠᠳ᠋ᠷ ᠠᠵᠢᠯᠲᠠᠳ ᠢ ᠲᠣᠬᠤᠨᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠲᠣᠰ ᠲᠣᠰ | ᠠᠵᠢᠯᠯᠠᠭ᠎ᠠ ᠳᠤ ᠣᠷᠣᠯᠴᠠᠪᠠ᠃ | 2 ᠳ᠋ᠤᠭᠠᠷ ᠰᠠᠷ᠎ᠠ ᠶᠢᠨ 21 ᠤ ᠡᠳᠦᠷ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠵᠢᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠭᠰᠠᠨ | ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠪᠣᠯᠤᠨ ᠰᠢᠭᠦᠬᠦ | ᠬᠤᠷᠢᠶᠠᠨ ᠤ ᠬᠤᠷᠢᠶᠠᠨ ᠲᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠪᠯᠡᠷᠡᠨ ᠪᠦᠬᠦ ᠣᠷᠣᠨ ᠤ ᠬᠤᠳᠠᠯᠳᠣᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠪᠣᠳᠠᠲᠤ ᠲᠡᠮᠳᠡᠭᠯᠡᠯ ᠤᠨ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ︽2023 ᠣᠨ ᠤ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠠᠬᠢ | ᠲᠡᠷᠢᠭᠦᠨ ᠤ ᠠᠶᠢᠮᠠᠭ ᠬᠤᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠣᠭᠰᠠᠨ ᠲᠡᠷᠢᠭᠦᠨ ᠤ ᠬᠠᠮᠲᠤ | ᠲᠡᠷᠢᠭᠦᠨ ᠤ ᠬᠤᠪᠢ ᠬᠥᠮᠦᠨ ᠢ ᠱᠠᠩᠨᠠᠨ ᠬᠦᠬᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ | ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ 2023 ᠣᠨ ᠤ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠤᠨ ᠰᠢᠯᠭᠠᠨ ᠬᠢᠨᠠᠯᠳᠡ ᠪᠠ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠤᠨ | ᠦᠨᠡᠯᠡᠨ ᠵᠢᠱᠢᠯᠲᠡ ᠳᠠᠬᠢ ᠲᠡᠷᠢᠭᠦᠨ ᠤ ᠠᠶᠢᠮᠠᠭ ᠬᠤᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ | ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠭᠰᠠᠨ ᠪᠥᠭᠡᠳ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ᠂ ᠡᠭᠦᠷᠭᠡ ᠶᠢᠨ ᠲᠣᠳᠣᠷᠬᠠᠢ ᠬᠠᠭᠤᠳᠠᠰᠣ ᠵᠢᠴᠢ | ᠪᠣᠳᠠᠲᠠᠶ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠳᠠᠯ ᠢ ᠨᠡᠪᠳᠡᠷᠡᠭᠦᠯᠣᠨ ᠮᠡᠳᠡᠭᠡᠯᠡᠪᠡ᠃ ᠡᠯ᠎ᠡ ᠠᠶᠢᠮᠠᠭ ᠬᠤᠳᠠ ᠶᠢᠨ | ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠦᠭᠦᠣᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠡᠷᠲᠡᠭᠡᠨ | ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠪᠣᠯᠤᠨ ᠬᠡᠰᠡᠭ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠦᠭᠦᠣᠨ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ | ᠪᠣᠯᠤᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠬᠤᠳᠠᠯᠳᠣᠭᠠᠴᠢᠨ ᠤᠷᠢᠵᠤ ᠪᠡᠯᠡ ᠣᠷᠣᠭᠤᠯᠤᠭᠰᠠᠨ | ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠡᠯ᠎ᠡ | ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ︽ | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠭᠦᠨ ᠭᠦᠢᠯᠭᠡᠭᠡᠨ ᠤ ᠬᠦᠴᠦᠨ ᠢ | ᠬᠠᠮᠳᠣᠣᠡᠬᠠᠵᠣ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ﹀ ᠵᠠᠰᠠᠭ ᠤᠨ ᠣᠷᠳᠣᠨ ᠮᠦᠩᠭᠦᠨ ᠭᠦᠢᠯᠭᠡᠭᠡᠨ ᠤ | ᠪᠠᠢᠭᠤᠯᠣᠮᠵᠢ ᠠᠵᠤ ᠠᠬᠤᠶᠢᠯᠠᠯ ᠢ ᠵᠣᠯᠭᠠᠭᠤᠯᠬᠤ ᠬᠤᠷᠠᠯ︾ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠦᠭᠡᠣᠨ ᠪᠠᠶᠠᠷ ᠤᠨ ᠦᠭᠡ ᠬᠡᠯᠡᠪᠡ᠃ ᠬᠤᠷᠠᠯ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠡ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠤ ᠬᠠᠮᠲᠤ ᠠᠵᠢᠯ ᠲᠥᠷᠥᠯ ᠤᠨ | ᠬᠦᠷᠢᠶᠡᠨ ᠳᠠᠬᠢ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠪᠡ᠃ 4 ᠮᠥᠩᠭᠦᠨ | ᠭᠦᠢᠯᠭᠡᠭᠡᠨ ᠤ ᠪᠠᠶᠢᠭᠤᠯᠤᠮᠵᠢ ᠠᠴᠠ ︽ᠲᠠᠪᠤᠨ ᠶᠡᠭᠡ ᠡᠭᠦᠷᠭᠡ︾ ᠶᠢᠨ ᠨᠠᠢᠳᠠᠪᠣᠷᠢᠵᠢᠭᠤᠯᠣᠯᠳᠡ ᠳᠤ ᠠᠩᠬᠠᠷᠤᠯ ᠢᠶᠠᠨ | ᠲᠥᠪᠯᠡᠷᠡᠭᠦᠯᠵᠦ ᠮᠥᠩᠭᠦᠨ ᠭᠦᠢᠯᠭᠡᠭᠡᠨ ᠤ ᠳᠡᠮᠵᠢᠯᠭᠡ ᠦᠵᠡᠬᠦᠯᠬᠦ ᠠᠷᠭ᠎ᠠ ᠬᠡᠮᠵᠢᠶ᠎ᠡ ᠶᠢ ᠲᠣᠷᠠᠣᠡᠪᠠ᠃ ᠬᠤᠷᠠᠯ ᠠᠴᠠ | ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ 3567 ᠲᠦᠷᠣᠯ ᠵᠦᠢᠯ ᠢ ᠡᠮᠬᠢᠯᠡᠨ ᠬᠤᠷᠢᠶᠠᠩᠭᠤᠶᠢᠯᠠᠪᠠ | ᠃ ᠥᠪᠡᠷᠲᠡᠭᠡᠨ ᠵᠠᠰᠠᠬᠤ ᠣᠷᠣᠨ ᠤ 17 ᠰᠠᠯᠠᠭ᠎ᠠ ᠮᠥᠴᠢᠷ᠂ 38 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ | ᠡᠯ᠎ᠡ ᠲᠦᠷᠦᠯ ᠤᠨ 95 ᠠᠵᠤ ᠠᠬᠤᠶᠢᠯᠠᠯ ᠬᠥᠬᠡᠬᠤᠲᠠ ᠶᠢᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ | ᠡᠯ᠎ᠡ ᠠᠶᠢᠮᠠᠭ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠵᠣ᠂ ᠰᠦᠯᠵᠢᠶᠡᠨ ᠳᠡᠭᠡᠷ᠎ᠡ ᠬᠤᠯᠪᠣᠯᠴᠠᠬᠤ | ᠬᠡᠯᠪᠡᠷᠢ ᠪᠠᠷ ᠬᠤᠷᠠᠯ ᠤᠨ ᠭᠤᠤᠯ ᠲᠠᠯᠠᠪᠠᠶ ᠯᠤᠭ᠎ᠠ ᠵᠡᠷᠭᠡ ᠪᠠᠷ ᠲᠥᠪᠯᠡᠷᠡᠭᠦᠯᠦᠨ ᠵᠦᠪᠯᠡᠯᠴᠡᠭᠡᠷ ᠲᠣᠭᠲᠠᠪᠠ᠃ ᠪᠥᠬᠦ | ᠣᠷᠣᠨ ᠳᠤ ᠪᠠᠯᠠ ᠲᠣᠬᠢᠷᠠᠭᠤᠯᠭ᠎ᠠ ᠶᠢᠨ ᠰᠠᠨᠠᠮᠵᠢ ᠶᠢᠨ ᠲᠥᠷᠥᠯ ᠵᠥᠢᠯ ᠢ ᠨᠡᠶᠢᠲᠡ 1067 ᠲᠣᠭᠲᠠᠵᠣ᠂ | ᠵᠣᠭᠤᠰ ᠤᠨ ᠲᠤᠭ᠎ᠠ ᠨᠢ 3478 ᠳ᠋ᠦᠩᠰᠢᠭᠤᠷ ᠲᠥᠭᠦᠷᠢᠭ ᠲᠤ ᠬᠦᠷᠪᠡ᠃ ᠬᠤᠷᠠᠯ ᠲᠡᠭᠡᠷ᠎ᠡ ᠪᠠᠰᠠ ᠲᠤᠬᠠᠢ ᠶᠢᠨ | ᠲᠠᠯᠠᠪᠠᠢ ᠳᠠᠬᠢ ᠪᠠ ᠰᠦᠯᠵᠢᠶᠡᠨ ᠳᠡᠭᠡᠷᠡᠬᠢ ︽ᠮᠥᠩᠭᠦᠨ ᠭᠦᠢᠯᠭᠡᠭᠡᠨ ᠤ ᠬᠡᠳᠦ ᠳᠡᠯᠭᠡᠭᠦᠷ︾ ᠢ ᠵᠡᠷᠭᠡ ᠪᠠᠷ ᠪᠠᠢᠭᠤᠯᠪᠠ᠃ | 2 ᠳ᠋ᠤᠭᠠᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ | ᠳ᠋ᠠ ᠲᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠽᠸᠦ ᠯᠸᠢ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠢᠤᠢ ᠯᠢ ᠰᠢᠨ ᠠᠭᠤᠯᠵᠠᠯᠳᠡ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ | ᠬᠤᠷᠠᠯ ᠬᠤᠷᠠᠯᠳᠤᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠣᠬᠠᠢ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠢ ᠬᠠᠮᠳᠣ ᠦᠵᠡᠵᠦ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ | ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠭᠦ ᠬᠠᠤᠯᠢ︾ ᠶᠢ | ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶ ᠪᠣᠯᠤᠨ ᠥᠪᠡᠷᠲᠡᠭᠡᠨ ᠵᠠᠰᠠᠬᠤ ᠣᠷᠣᠨ ᠤ 2024 | ᠣᠨ ᠤ ᠡᠨᠧᠷᠭᠢ ᠠᠷᠪᠢᠯᠠᠬᠤ ᠠᠵᠢᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠣᠷᠬᠢᠯ | ᠬᠡᠮᠵᠢᠭᠳᠡᠯ ᠠᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠭᠤᠣᠯᠳᠠᠯᠭ᠎ᠠ ᠶᠢ | ᠰᠤᠳᠣᠯᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠦᠷᠢᠮ ᠵᠡᠷᠭᠡ ᠣᠷᠣᠨ | ᠨᠤᠲᠤᠭ ᠤᠨ ᠴᠢᠨᠠᠷᠲᠠᠢ 7 ᠬᠤᠪᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠦᠯ ᠵᠡᠷᠭᠡ ᠵᠦᠢᠯᠡᠰ ᠢ | ᠰᠣᠳᠣᠯᠪᠡ᠃ | 2 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ | ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ | ᠮᠤᠵᠢ ᠶᠢᠨ ᠳᠡᠰ ᠤᠨ ᠤᠳᠤᠷᠢᠳᠤᠯᠭ᠎ᠠ ᠨᠠᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠢᠷᠡᠵᠦ᠂ ︽ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠨᠠᠮ ᠤᠨ ᠠᠴᠢ ᠳᠤ ᠲᠠᠯᠠᠷᠬᠠᠵᠣ ᠡᠷᠡᠯᠬᠡᠭᠯᠡᠨ ᠣᠷᠣᠭᠰᠢᠯᠠᠨᠠᠮ︾ ᠭᠡᠬᠦ | ᠭᠤᠤᠯ ᠰᠡᠳᠦᠪᠲᠦ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ | ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠲᠣᠰ ᠠᠵᠢᠯᠯᠠᠭ᠎ᠠ ᠳᠤ | ᠣᠷᠣᠯᠴᠠᠪᠠ᠃ ᠲᠣᠰ ᠤᠳᠠᠭᠠᠨ ᠤ ᠦᠵᠡᠭᠦᠯᠦᠯᠭᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠪᠡ᠃ | 2 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ | ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ | ᠬᠦᠴᠦᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠣᠯᠬᠤ | ᠭᠠᠵᠠᠷ ᠤᠨ ᠳᠠᠷᠤᠭ᠎ᠠ ᠬᠤᠸᠠᠩ ᠴᠢᠶᠦ᠋ᠨ ᠬᠤᠢ ᠤᠷᠢᠯᠭ᠎ᠠ ᠪᠠᠷ ︽ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ | ᠬᠦᠴᠦᠨ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠬᠠᠪᠰᠤᠷᠤᠨ | ᠵᠢᠯᠣᠭᠤᠳᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠲᠣᠰᠬᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ | ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠶᠢᠨ | ᠬᠤᠷᠠᠯ ᠳᠤ ᠰᠤᠯᠠ ᠣᠷᠣᠯᠴᠠᠪᠠ᠃ | 2 ᠳ᠋ᠤᠭᠠᠷ ᠰᠠᠷ᠎ᠠ ᠶᠢᠨ 27 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠦᠢᠷ ᠬᠤᠳᠡ ᠳᠤ ᠲᠡᠭᠦᠰᠪᠡ᠃ ᠤᠷᠤᠯᠳᠤᠭᠠᠨ ᠳᠤ | ᠣᠷᠣᠯᠴᠠᠭᠰᠠᠨ ᠲᠠᠮᠢᠷᠴᠢᠨ᠂ ᠳᠠᠰᠬᠠᠯᠵᠢᠭᠤᠯᠤᠭᠴᠢ᠂ ᠠᠵᠢᠯᠲᠠᠳ ᠪᠣᠯᠤᠨ ᠵᠣᠴᠢᠳ ᠦᠵᠡᠭᠴᠢᠳ ᠬᠥᠯᠥᠨ ᠪᠦᠢᠷ | ᠵᠦᠴᠦᠭᠡ ᠶᠢᠨ ᠣᠷᠳᠣᠨ ᠳᠤ ᠬᠤᠷᠠᠨ ᠴᠤᠭᠯᠠᠷᠠᠵᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠲᠡᠭᠦᠰ ᠠᠮᠵᠢᠯᠲᠠ ᠣᠯᠤᠭᠰᠠᠨ ᠢ ᠪᠡᠯᠭᠡᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ | ᠯᠢ ᠰᠢᠶᠠ ᠲᠡᠭᠦᠰᠬᠦ ᠶᠣᠰᠣᠯᠠᠯ ᠳᠤ ᠣᠷᠣᠯᠴᠠᠭᠰᠠᠨ ᠪᠦᠭᠡᠣᠨ ᠪᠠᠶᠠᠷ ᠤᠨ ᠦᠭᠡ ᠬᠡᠯᠡᠪᠡ᠃ ᠯᠢᠶᠣᠤᠨᠢᠩ ᠮᠤᠵᠢ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠯᠢ ᠯᠧ ᠴᠧᠩ᠂ ᠮᠤᠵᠢ ᠶᠢᠨ ᠳᠡᠳ᠋ ᠳᠠᠷᠤᠭ᠎ᠠ ᠭᠦᠸᠧ | ᠼᠠᠢ ᠶᠦᠨ ᠲᠡᠭᠦᠰᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ | ᠶᠦᠩ ᠪᠥᠸᠧ ᠲᠡᠭᠦᠰᠬᠦ ᠶᠣᠰᠣᠯᠠᠯ ᠢ ᠡᠷᠭᠢᠯᠡᠪᠡ᠃ | 2 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠠᠶᠢᠮᠠᠭ ᠬᠤᠲᠠ ᠵᠢᠴᠢ ᠰᠠᠯᠠᠭ᠎ᠠ ᠮᠥᠴᠢᠷ ᠤᠨ ᠭᠤᠤᠯ ᠤᠳᠤᠷᠢᠳᠬᠤ | ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠠᠩᠭᠢ ᠬᠢᠴᠢᠶᠠᠯ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠣᠨᠣᠯ ᠰᠣᠷᠣᠯᠴᠠᠬᠤ ᠭᠤᠤᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠥᠷ | ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠣᠤ | ᠴᠧᠩ ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ | ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ | ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ | ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠦᠭᠦᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠬᠦᠮ᠂ ᠵᠢᠩᠬᠢᠨᠢ ᠠᠩᠬᠢ ᠶᠢᠨ ᠶᠡᠭᠡ ᠳᠡᠭᠡᠳᠦ | ᠰᠤᠷᠭᠠᠭᠤᠯᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠤᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠨᠦᠭᠦᠣᠨ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠬᠢ ᠶᠢᠨ ᠰᠣᠷᠣᠯᠭᠠᠳᠠᠣᠨ | ᠬᠤᠷᠠᠯ ᠳᠤ ᠣᠷᠣᠯᠴᠠᠪᠠ᠃ | |