ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ︹2024︺ 20 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ | ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄ | ᠲᠣᠭᠤᠷᠢᠭ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠵᠢᠦ ᠶᠤᠸᠠᠨ ᠲᠣᠭᠤᠷᠢᠭ ᠤᠨ | ᠬᠤᠲᠠ ᠶᠢᠨ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ | ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠢ᠃ | ᠣᠨᠴᠠᠭᠠᠶᠢᠯᠠᠨ ᠮᠡᠳᠡᠭᠳᠡᠪᠡ᠃ | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠠᠯᠪᠠᠨ ᠭᠡᠷ | 2024 ᠣᠨ ᠤ 3 ᠰᠠᠷ᠎ᠠ ᠶᠢᠨ 25 ᠤ ᠡᠳᠦᠷ | | | | ᠵᠢᠦ ᠶᠤᠸᠠᠨ ᠲᠣᠭᠤᠷᠢᠭ ᠬᠤᠲᠠ ᠶᠢᠨ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠲᠠ ᠶᠢᠨ ᠭᠡᠷ ᠪᠠᠶᠢᠰᠢᠩ ᠤᠨ ᠦᠷᠦᠭᠡ | ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠷᠦᠭᠡ | ᠴᠢᠮᠡᠭᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠷᠢᠯᠭ᠎ᠠ ᠶᠢᠨ ᠬᠠᠤᠯᠢ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠥᠯᠬᠦᠢ ᠦᠢᠯᠡᠳᠪᠥᠷᠢᠯᠠᠯ ᠤᠨ | ᠬᠠᠮᠢᠶᠠᠷᠤᠯᠲᠠ ᠶᠢᠨ ᠳᠦᠷᠢᠮ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠳᠦᠷᠢᠮ︾᠂ ︽ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠂ ︽ᠦᠷᠦᠭᠡ | ᠴᠢᠮᠡᠭᠯᠡᠯ ᠤᠨ ᠬᠠᠮᠢᠶᠠᠷᠤᠯᠲᠠ ᠶᠢᠨ ᠠᠷᠭ᠎ᠠ︾ ︵ᠪᠦᠲᠦᠭᠡᠨ ᠪᠠᠶᠢᠭᠤᠯᠤᠯᠲᠠ ᠶᠢᠨ ᠶᠠᠮᠤᠨ ᠤ 110 ᠳ᠋ᠤᠭᠠᠷ ᠲᠣᠭᠠᠲᠤ | ︶ ᠂ ︽ᠬᠤᠲᠠ ᠶᠢᠨ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠪᠦᠲᠦᠭᠡᠨ ᠪᠠᠶᠢᠭᠤᠯᠤᠯᠲᠠ ᠠᠯᠪᠠᠨ [ 2023] 29 | ᠳ᠋ᠤᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠤᠨ ᠲᠣᠭᠲᠠᠭᠠᠯ ᠢ ᠦᠨᠳᠦᠰᠦᠯᠡᠨ᠂ | ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠨᠴᠠᠭᠠᠶᠢᠯᠠᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠲᠤᠰ ᠵᠠᠰᠠᠭ ᠵᠠᠬᠢᠷᠭᠠᠨ ᠤ ᠬᠡᠪᠴᠢᠶᠠᠨ ᠳᠣᠲᠣᠷᠠᠬᠢ ᠤᠯᠤᠰ ᠤᠨ | ᠥᠮᠴᠢᠯᠡᠯᠲᠦ ᠭᠠᠵᠠᠷ ᠰᠢᠷᠣᠢ ᠳᠡᠭᠡᠷ᠎ᠡ ᠨᠢᠭᠡᠨᠲᠡ ᠭᠡᠷᠡᠭᠯᠡᠭᠡᠨ ᠳᠤ ᠪᠠᠶᠢᠭ᠎ᠠ ᠭᠡᠷ ᠪᠠᠶᠢᠰᠢᠩ ᠤᠨ ᠦᠷᠦᠭᠡ ᠴᠢᠮᠡᠭᠯᠡᠯ | ᠤᠨ ᠠᠮᠥᠷ ᠲᠦᠪᠰᠢᠨ ᠤ ᠬᠠᠮᠢᠶᠠᠷᠤᠯᠲᠠ ᠳᠤ ᠬᠡᠷᠡᠭᠯᠡᠭᠳᠡᠨ᠎ᠡ᠃ | ᠲᠤᠰ ᠠᠷᠭ᠎ᠠ ᠳᠤ ᠶᠠᠷᠢᠵᠤ ᠪᠠᠶᠢᠭ᠎ᠠ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠠᠮᠤᠷ ᠲᠦᠪᠰᠢᠨ ᠤ | ᠬᠠᠮᠢᠶᠠᠷᠤᠯᠲᠠ ᠭᠡᠳᠡᠭ ᠨᠢ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠶᠠᠪᠤᠴᠠ ᠳᠠᠬᠢ ᠵᠠᠰᠠᠵᠤ ᠴᠢᠮᠡᠭᠯᠡᠬᠦ ᠨᠢ ᠵᠣᠬᠢᠰ | ᠦᠭᠡᠢ᠂ ᠬᠡᠷᠡᠭᠴᠡᠭᠡ ᠪᠠ ᠪᠦᠲᠦᠴᠡ ᠶᠢ ᠬᠤᠪᠢᠷᠠᠭᠤᠯᠤᠭᠰᠠᠨ ᠵᠡᠷᠭᠡ ᠬᠦᠴᠦᠨ ᠵᠦᠢᠯ ᠠᠴᠠ ᠪᠣᠯᠣᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠠᠰᠠᠬᠤ ᠶᠢ ᠵᠢᠭᠠᠵᠤ ᠪᠤᠢ᠃ | ᠬᠤᠶᠠᠳᠤᠭᠠᠷ ᠪᠦᠯᠦᠭ ᠬᠠᠤᠯᠢ ᠲᠣᠭᠲᠠᠭᠠᠯ ᠶᠣᠰᠣᠭᠠᠷ ᠵᠠᠰᠠᠨ ᠴᠢᠮᠡᠭᠯᠡᠬᠦ ᠠᠵᠢᠯᠯᠠᠭ᠎ᠠ ᠥᠷᠨᠢᠭᠦᠯᠦᠨ᠎ᠡ | ᠭᠤᠷᠪᠠᠳᠤᠭᠠᠷ ᠵᠦᠢᠯ ᠵᠠᠰᠠᠵᠤ ᠴᠢᠮᠡᠭᠯᠡᠬᠦ ᠠᠵᠢᠯᠯᠠᠭ᠎ᠠ ᠳᠤᠮᠳᠠ᠂ ᠳᠣᠣᠷᠠᠬᠢ ᠮᠡᠲᠦ ᠪᠠᠷᠢᠯᠭ᠎ᠠ ᠶᠢᠨ ᠭᠤᠣᠯ | ᠴᠣᠭᠴᠠ ᠪᠠ ᠳᠠᠭᠠᠭᠠᠴᠠ ᠶᠢᠨ ᠪᠦᠲᠦᠴᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠤᠤᠯ ᠤᠨ ᠵᠢᠷᠤᠵᠤ ᠲᠥᠯᠥᠪᠯᠡᠭᠰᠡᠨ ᠨᠢᠭᠡᠴᠡ ᠪᠤᠶᠤ ᠵᠣᠬᠢᠬᠤ ᠬᠢᠷᠢ ᠴᠢᠳᠠᠮᠵᠢ ᠶᠢᠨ ᠵᠡᠷᠭᠡ ᠳᠡᠰ ᠲᠠᠢ | ᠵᠢᠷᠤᠭ ᠲᠥᠯᠥᠪᠯᠡᠭᠡ ᠶᠢᠨ ᠨᠢᠭᠡᠴᠡ ᠶᠢ ᠳᠡᠮᠵᠢᠨ ᠵᠢᠷᠤᠭ ᠲᠥᠯᠥᠪᠯᠡᠭᠡ ᠶᠢᠨ ᠲᠥᠰᠦᠯ ᠢ ᠳᠤᠷᠠᠳᠤᠭᠰᠠᠨ ᠦᠭᠡᠢ ᠪᠠᠷ | ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ ᠪᠦᠲᠦᠴᠡ ᠶᠢ ᠬᠤᠪᠢᠷᠠᠭᠤᠯᠬᠤ︔ | ︵ᠬᠤᠶᠠᠷ︶ ᠤᠤᠯ ᠤᠨ ᠵᠢᠷᠤᠵᠤ ᠲᠥᠯᠥᠪᠯᠡᠭᠰᠡᠨ ᠨᠢᠭᠡᠴᠡ ᠪᠤᠶᠤ ᠵᠣᠬᠢᠬᠤ ᠬᠢᠷᠢ ᠴᠢᠳᠠᠮᠵᠢ ᠶᠢᠨ ᠵᠡᠷᠭᠡ | ᠳᠡᠰ ᠲᠠᠢ ᠵᠢᠷᠤᠭ ᠲᠥᠯᠥᠪᠯᠡᠭᠡ ᠶᠢᠨ ᠨᠢᠭᠡᠴᠢ ᠶᠢ ᠳᠡᠮᠵᠢᠨ ᠵᠢᠷᠤᠭ ᠲᠥᠯᠥᠪᠯᠡᠭᠡ ᠶᠢᠨ ᠲᠥᠰᠦᠯ ᠢ ᠳᠤᠷᠠᠳᠤᠭᠰᠠᠨ | ᠦᠭᠡᠢ ᠪᠠᠷ ᠵᠢᠷᠤᠵᠤ ᠲᠥᠯᠥᠪᠯᠡᠬᠦ ᠪᠠᠷᠢᠮᠵᠢᠶ᠎ᠠ ᠪᠤᠶᠤ ᠲᠦᠷᠢᠮᠵᠢᠯ ᠠᠴᠠ ᠬᠡᠲᠤᠷᠡᠵᠤ᠂ ᠠᠰᠠᠷ ᠤᠨ ᠨᠢᠭᠤᠷ ᠤᠨ | ᠳᠠᠭᠠᠭᠠᠴᠠ ᠶᠢ ᠨᠡᠮᠡᠭᠳᠡᠭᠦᠯᠬᠦ︔ | ︵ᠭᠤᠷᠪᠠ︶ ᠳᠠᠭᠠᠭᠠᠴᠠ ᠶᠢᠨ ᠬᠡᠷᠡᠮ ᠳᠡᠭᠡᠷᠡᠬᠢ ᠤᠤᠯ ᠤᠨ ᠡᠭᠦᠳᠡ ᠴᠣᠩᠬᠤᠨ ᠤ ᠬᠡᠮᠵᠢᠶ᠎ᠡ ᠶᠢ ᠥᠷᠭᠡᠳᠬᠡᠬᠦ ︔ | ︵ᠳᠥᠷᠪᠡ︶ ᠨᠠᠷᠠᠪᠴᠢ ᠶᠢ ᠵᠠᠯᠭᠠᠭᠰᠠᠨ ᠲᠣᠭᠤᠰᠬ᠎ᠠ᠂ ᠪᠧᠲ᠋ᠣᠨ ᠬᠡᠷᠡᠮ ᠢ ᠨᠤᠷᠠᠭᠠᠬᠤ︔ | ︵ᠲᠠᠪᠤ︶ ᠪᠠᠷᠢᠯᠭ᠎ᠠ ᠶᠢᠨ ᠪᠦᠲᠦᠴᠡ ᠶᠢᠨ ᠲᠠᠭᠠᠭᠠᠴᠠ ᠶᠢ ᠨᠦᠯᠦᠭᠡᠯᠡᠭᠰᠡᠨ ᠪᠠ ᠬᠡᠷᠡᠭᠯᠡᠭᠡᠨ ᠤ ᠠᠶᠥᠯᠬᠦᠢ | ᠪᠠᠶᠢᠳᠠᠯ ᠢ ᠨᠥᠯᠥᠭᠡᠯᠡᠵᠦ ᠪᠠᠶᠢᠭ᠎ᠠ ᠪᠤᠰᠤᠳ ᠠᠵᠢᠯᠯᠠᠭ᠎ᠠ ᠃ | ᠳᠥᠷᠪᠡᠳᠦᠭᠡᠷ ᠵᠦᠢᠯ ᠵᠠᠰᠠᠵᠤ ᠴᠢᠮᠡᠭᠯᠡᠭᠴᠢ ᠣᠷᠣᠨ ᠰᠠᠭᠤᠴᠠ ᠶᠢᠨ ᠦᠷᠦᠭᠡ ᠴᠢᠮᠡᠭᠯᠡᠬᠦ ᠠᠵᠢᠯᠯᠠᠭ᠎ᠠ | ᠬᠢᠬᠦ ᠳᠤ᠂ ᠵᠦᠪᠰᠢᠶᠡᠷᠡᠯ ᠦᠭᠡᠢ ᠪᠣᠯ ᠳᠣᠣᠷᠠᠬᠢ ᠮᠡᠲᠦ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠪᠠᠷᠢᠯᠭ᠎ᠠ ᠶᠢᠨ ᠵᠥᠢᠯ ᠢ ᠪᠠᠷᠢᠬᠤ᠃ | ︵ᠬᠤᠶᠠᠷ︶ ᠣᠷᠣᠨ ᠰᠠᠭᠤᠴᠠ ᠶᠢᠨ ᠭᠠᠳᠠᠷ ᠲᠠᠯ᠎ᠠ ᠶᠢ ᠥᠭᠡᠷᠡᠴᠢᠯᠡᠵᠦ᠂ ᠳᠠᠭᠠᠭᠠᠴᠠ ᠦᠭᠡᠢ ᠭᠠᠳᠠᠷ ᠬᠡᠷᠡᠮ | ᠳᠡᠭᠡᠷ᠎ᠡ ᠡᠭᠦᠳᠡ᠂ ᠴᠣᠩᠬᠤ ᠨᠡᠭᠡᠭᠡᠬᠦ ︔ | ︵ᠭᠤᠷᠪᠠ︶ ᠳᠤᠯᠠᠭᠠᠯᠠᠭᠳᠠ ᠶᠢᠨ ᠬᠤᠭᠤᠯᠠᠢ ᠪᠣᠯᠤᠨ ᠲᠥᠬᠦᠭᠡᠷᠦᠮᠵᠢ ᠶᠢ ᠵᠠᠳᠠᠯᠵᠤ ᠥᠭᠡᠷᠡᠴᠢᠯᠡᠬᠦ︔ ︵ | ᠲᠦᠷᠪᠡ︶ ᠰᠢᠲᠠᠮᠠᠬᠠᠢ ᠬᠡᠢ ᠶᠢᠨ ᠬᠤᠭᠤᠯᠠᠢ ᠪᠣᠯᠤᠨ ᠲᠥᠬᠦᠭᠡᠷᠦᠮᠵᠢ ᠶᠢ ᠵᠠᠳᠠᠯᠵᠤ ᠥᠭᠡᠷᠡᠴᠢᠯᠡᠬᠦ᠃ | ᠳᠡᠭᠡᠷᠡᠬᠢ ᠠᠵᠢᠯᠯᠠᠭ᠎ᠠ ᠶᠢ ᠦᠨᠡᠨᠬᠦ ᠬᠡᠷᠡᠭᠵᠢᠭᠦᠯᠬᠦ ᠴᠢᠬᠤᠯᠠᠲᠠᠢ ᠪᠣᠯ᠂ ᠵᠠᠰᠠᠨ ᠴᠢᠮᠡᠭᠯᠡᠭᠴᠢ ᠨᠢ ᠤᠤᠯ ᠤᠨ | ᠵᠢᠷᠤᠭᠯᠠᠨ ᠲᠥᠯᠥᠪᠯᠡᠭᠰᠡᠨ ᠨᠢᠭᠡᠴᠡ ᠪᠤᠶᠤ ᠵᠣᠬᠢᠬᠤ ᠬᠢᠷᠢ ᠭᠡᠮ ᠤᠨ ᠳᠡᠰ ᠲᠠᠢ ᠵᠢᠷᠤᠭ ᠲᠥᠯᠥᠪᠯᠡᠭᠡ ᠶᠢᠨ | ᠨᠢᠭᠡᠴᠡ ᠳᠤ ᠨᠠᠶᠢᠳᠠᠵᠤ ᠵᠢᠷᠤᠭ ᠲᠥᠯᠥᠪᠯᠡᠭᠡ ᠶᠢᠨ ᠲᠥᠰᠦᠯ ᠭᠠᠷᠭᠠᠨ᠂ ᠵᠣᠬᠢᠬᠤ ᠬᠢᠷᠢ ᠴᠢᠳᠠᠮᠵᠢ ᠲᠠᠢ ᠪᠠᠷᠢᠯᠭ᠎ᠠ | ᠪᠠᠷᠢᠬᠤ ᠨᠢᠭᠡᠴᠡ ᠳᠤ ᠨᠠᠶᠢᠳᠠᠵᠤ ᠵᠢᠷᠤᠭ ᠲᠥᠯᠥᠪᠯᠡᠭᠡ ᠶᠢᠨ ᠲᠥᠰᠦᠯ ᠤᠨ ᠶᠣᠰᠣᠭᠠᠷ ᠪᠠᠷᠢᠯᠭ᠎ᠠ ᠪᠠᠷᠢᠬᠤ ᠶᠢ ᠵᠣᠬᠢᠶᠠᠨ | ᠪᠠᠶᠢᠭᠤᠯᠬᠤ ᠬᠡᠷᠡᠭᠲᠡᠢ᠃ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠭᠠᠷᠳᠠᠮ ᠢ ᠬᠠᠤᠯᠢ ᠶᠣᠰᠣᠭᠠᠷ | ᠭᠦᠢᠴᠡᠳᠬᠡᠬᠦ ᠴᠢᠬᠤᠯᠠᠲᠠᠢ ᠪᠣᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | ᠲᠠᠪᠤᠳᠤᠭᠠᠷ ᠵᠦᠢᠯ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠤᠨ ᠤᠰᠤ ᠰᠡᠷᠭᠡᠶᠢᠯᠡᠬᠦ | ᠳᠠᠪᠬᠤᠷᠭ᠎ᠠ ᠶᠢ ᠥᠭᠡᠷᠡᠴᠢᠯᠡᠭᠰᠡᠨ ᠪᠣᠯ᠂ ᠤᠰᠤ ᠰᠡᠷᠭᠡᠶᠢᠯᠡᠬᠦ ᠪᠠᠷᠢᠮᠵᠢᠶ᠎ᠠ ᠶᠣᠰᠣᠭᠠᠷ ᠪᠠᠷᠢᠯᠭ᠎ᠠ ᠪᠠᠷᠢᠬᠤ ᠲᠥᠰᠦᠯ | ᠲᠣᠭᠲᠠᠭᠠᠬᠤ ᠶᠢᠨ ᠬᠠᠮᠲᠤ ᠤᠰᠤ ᠲᠠᠰᠤᠯᠳᠠᠭᠤᠯᠬᠤ ᠲᠤᠷᠰᠢᠯᠲᠠ ᠬᠢᠬᠦ ᠬᠡᠷᠡᠭᠲᠡᠢ᠃ | ᠭᠤᠷᠪᠠᠳᠤᠭᠠᠷ ᠪᠦᠯᠦᠭ ᠶᠠᠰᠤ ᠴᠢᠨᠠᠷ ᠤᠨ ᠠᠶᠥᠯᠬᠦᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ | ᠬᠡᠷᠡᠭᠲᠡᠢ | ᠵᠢᠷᠭᠤᠳᠤᠭᠠᠷ ᠵᠦᠢᠯ ᠬᠡᠨ ᠦᠮᠴᠢᠯᠡᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ | ᠵᠠᠷᠴᠢᠮ ᠶᠣᠰᠣᠭᠠᠷ᠂ ᠬᠤᠲᠠ ᠶᠢᠨ ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ︵ᠵᠠᠰᠠᠨ ᠴᠢᠮᠡᠭᠯᠡᠭᠴᠢ︶ ᠪᠣᠯ | ᠭᠡᠷ ᠪᠠᠶᠢᠰᠢᠩ ᠤᠨ ᠦᠷᠦᠭᠡ ᠴᠢᠮᠴᠭᠯᠡᠯ ᠤᠨ ᠠᠮᠥᠷ ᠲᠦᠪᠰᠢᠨ ᠤ ᠬᠠᠮᠢᠶᠠᠷᠤᠯᠲᠠ ᠶᠢᠨ ᠨᠢᠭᠡᠳᠦᠭᠡᠷ | ᠬᠠᠷᠢᠭᠤᠴᠠᠯᠭᠠᠳᠠᠨ ᠮᠦᠨ᠂ ᠦᠷᠦᠭᠡ ᠴᠢᠮᠡᠭᠯᠡᠬᠦ ᠠᠵᠢᠯᠯᠠᠭ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠳᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠵᠠᠰᠠᠨ ᠴᠢᠮᠡᠭᠯᠡᠭᠴᠢ ᠦᠷᠦᠭᠡ ᠴᠢᠮᠡᠭᠯᠡᠬᠦ | ᠪᠠᠷᠢᠯᠭ᠎ᠠ ᠶᠢ ᠡᠬᠢᠯᠡᠭᠦᠯᠬᠦ ᠠᠴᠠ ᠡᠮᠦᠨ᠎ᠡ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠨᠢᠭᠡᠴᠡ ︵ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ︶ ᠳᠤ ᠮᠡᠳᠡᠭᠳᠡᠬᠦ ᠶᠢᠨ ᠬᠠᠮᠲᠤ ᠳᠠᠩᠰᠠᠯᠠᠨ ᠲᠡᠮᠳᠡᠭᠯᠡᠬᠦ ᠭᠠᠷᠳᠠᠮ ᠢ ᠭᠤᠶᠤᠴᠢᠯᠠᠨ | ᠳᠡᠪᠰᠢᠭᠦᠯᠵᠤ᠂ ᠵᠠᠰᠠᠵᠤ ᠴᠢᠮᠡᠭᠯᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠵᠥᠪᠯᠡᠯᠴᠡᠬᠡᠷ ᠲᠣᠭᠲᠠᠭᠠᠬᠤ ᠬᠡᠷᠡᠭᠲᠡᠢ᠃ | ᠠᠳᠠᠯ ᠠᠬᠤᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠪᠠᠶᠢᠭ᠎ᠠ ᠦᠭᠡᠢ ᠬᠤᠲᠠ ᠶᠢᠨ ᠭᠡᠷ ᠪᠠᠶᠢᠰᠢᠩ ᠢ | ᠵᠠᠰᠠᠵᠤ ᠴᠢᠮᠡᠭᠯᠡᠬᠦ ᠳᠤ᠂ ᠵᠠᠰᠠᠵᠤ ᠴᠢᠮᠡᠭᠯᠡᠭᠴᠢ ᠨᠢ ᠦᠷᠦᠭᠡ ᠴᠢᠮᠡᠭᠯᠡᠬᠦ ᠠᠵᠢᠯ ᠢ ᠡᠬᠢᠯᠡᠭᠦᠯᠬᠦ ᠠᠴᠠ ᠡᠮᠦᠨ᠎ᠡ | ᠬᠠᠷᠢᠶ᠎ᠠ ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠲᠤ | ᠮᠡᠳᠡᠭᠦᠯᠵᠤ ᠪᠦᠷᠢᠳᠬᠡᠨ ᠳᠠᠩᠰᠠᠯᠠᠭᠤᠯᠬᠤ ᠭᠠᠷᠳᠠᠮ ᠭᠦᠢᠴᠡᠳᠬᠡᠬᠦ ᠬᠡᠷᠡᠭᠲᠡᠢ᠃ | ᠳᠣᠯᠣᠳᠤᠭᠠᠷ ᠵᠦᠢᠯ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠢᠶᠠᠷ ᠵᠡᠷᠭᠡ ᠭᠡᠮ ᠤᠨ | ᠱᠠᠭᠠᠷᠳᠠᠯᠭ᠎ᠠ ᠲᠠᠢ ᠪᠠᠶᠢᠪᠠᠯ᠂ ᠵᠠᠰᠠᠵᠤ ᠴᠢᠮᠡᠭᠯᠡᠬᠦ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠠᠵᠤ ᠠᠬᠤᠶᠢᠯᠠᠯ ᠨᠢ | ᠬᠠᠮᠢᠶ᠎ᠠ ᠪᠦᠬᠦᠢ ᠬᠢᠷᠢ ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠭᠡᠷᠡᠭᠳᠡᠢ ᠂ ᠴᠢᠳᠠᠮᠵᠢ ᠶᠢᠨ ᠵᠡᠷᠭᠡ ᠳᠡᠰ ᠠᠴᠠ | ᠬᠡᠳᠥᠷᠡᠭᠰᠡᠨ ᠠᠵᠢᠯ ᠢ ᠳᠠᠭᠠᠭᠠᠨ ᠠᠪᠴᠤ ᠪᠣᠯᠬᠤ ᠦᠭᠡᠢ᠃ ᠵᠠᠰᠠᠵᠤ ᠴᠢᠮᠡᠭᠯᠡᠬᠦ ᠶᠢ ᠵᠢᠷᠤᠭᠯᠠᠨ ᠲᠥᠯᠥᠪᠯᠡᠬᠦ᠂ | ᠪᠠᠷᠢᠯᠭ᠎ᠠ ᠪᠠᠷᠢᠬᠤ ᠠᠵᠤ ᠠᠬᠤᠶᠢᠯᠠᠯ ᠦᠷᠦᠭᠡ ᠵᠠᠰᠠᠵᠤ ᠴᠢᠮᠡᠭᠯᠡᠬᠦ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ | ᠠᠵᠢᠯᠯᠠᠭ᠎ᠠ ᠬᠢᠬᠦ ᠳᠡᠭᠡᠨ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠠᠯᠪᠠᠳᠠᠯᠭ᠎ᠠ ᠶᠢᠨ ᠴᠢᠨᠠᠷᠲᠠᠢ | ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠠᠵᠢᠯᠯᠠᠬᠤ | ᠶᠠᠪᠤᠴᠠ ᠳᠤ ᠠᠶᠥᠯᠬᠦᠢ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠠᠪᠴᠤ᠂ ᠵᠠᠰᠠᠵᠤ | ᠴᠢᠮᠡᠭᠯᠡᠬᠦ ᠶᠠᠰᠤ ᠴᠢᠨᠠᠷ ᠪᠣᠯᠤᠨ ᠭᠡᠷ ᠪᠠᠶᠢᠰᠢᠩ ᠤᠨ ᠪᠦᠲᠦᠴᠡ᠂ ᠠᠵᠢᠯᠲᠠᠨ ᠤ ᠠᠶᠥᠯᠬᠦᠢ ᠪᠠᠶᠢᠬᠤ ᠶᠢ | ᠪᠠᠲᠤᠯᠠᠬᠤ ᠬᠡᠷᠡᠭᠲᠡᠢ᠃ ᠭᠡᠷ ᠪᠠᠶᠢᠰᠢᠩ ᠤᠨᠭᠤᠣᠯ ᠴᠣᠭᠴᠠ ᠶᠢᠨ ᠪᠦᠲᠦᠴᠡ᠂ ᠳᠠᠭᠠᠭᠠᠴᠠ ᠶᠢᠨ ᠪᠦᠲᠦᠴᠡ᠂ | ᠵᠢᠷᠤᠭ ᠲᠥᠯᠥᠪᠯᠡᠭᠡ ᠶᠢᠨ ᠪᠠᠷᠢᠮᠵᠢᠶ᠎ᠠ ᠠᠴᠠ ᠬᠡᠲᠦᠷᠡᠭᠦᠯᠵᠤ ᠠᠰᠠᠷ ᠤᠨ ᠳᠠᠭᠠᠭᠠᠴᠠ ᠶᠢ ᠢᠯᠡᠳᠲᠡ ᠨᠡᠮᠡᠭᠳᠡᠭᠦᠯᠬᠦ | ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠪᠠᠶᠢᠪᠠᠯ᠂ ᠴᠥᠮ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠷ ᠰᠢᠢᠳᠪᠥᠷᠢᠯᠡᠬᠦ ᠶᠢᠨ ᠬᠠᠮᠲᠤ ᠠᠵᠤ | ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠳᠤ ᠣᠷᠤᠭᠤᠯᠤᠨ᠎ᠠ᠃ | ᠨᠠᠢᠮᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠦᠷᠦᠭᠡ ᠴᠢᠮᠡᠭᠯᠡᠭᠴᠢ ᠳᠤ | ᠳᠠᠩᠰᠠᠯᠠᠭᠤᠯᠬᠤ ᠭᠠᠷᠳᠠᠮ ᠭᠦᠢᠴᠡᠳᠬᠡᠬᠦ ᠦᠶ᠎ᠡ ᠳᠤ᠂ ᠦᠷᠦᠭᠡ ᠴᠢᠮᠡᠭᠯᠡᠭᠴᠢ ᠶᠢᠨ ᠵᠠᠰᠠᠨ ᠴᠢᠮᠡᠭᠯᠡᠬᠦ | ᠠᠵᠢᠯᠯᠠᠭ᠎ᠠ ᠶᠢᠨ ᠴᠠᠭᠠᠵᠠᠯᠠᠬᠤ ᠦᠢᠯᠡ ᠠᠵᠢᠯᠯᠠᠭ᠎ᠠ ᠪᠠ ᠠᠩᠬᠠᠷᠬᠤ ᠵᠦᠢᠯᠡᠰ ᠢ ᠮᠡᠳᠡᠭᠳᠡᠵᠦ᠂ ᠵᠠᠰᠠᠨ ᠴᠢᠮᠡᠭᠯᠡᠬᠦ | ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ᠂ ᠦᠢᠯᠡᠴᠢᠯᠡᠭᠡᠨ ᠤ | ᠣᠷᠣᠨ ᠪᠦᠰᠡ ᠶᠢᠨ ᠬᠡᠪᠴᠢᠶᠡᠨ ᠳᠣᠲᠣᠷᠠᠬᠢ ᠦᠷᠦᠭᠡ ᠴᠢᠮᠡᠭᠯᠡᠬᠦ ᠠᠵᠢᠯᠯᠠᠭ᠎ᠠ ᠶᠢ ᠲᠣᠭᠤᠷᠢᠨ ᠪᠠᠶᠢᠴᠠᠭᠠᠬᠤ ᠪᠠᠨ | ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠵᠦᠢ | ᠵᠣᠬᠢᠰᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠴᠠᠭ ᠲᠤᠬᠠᠢ ᠳᠤᠨᠢ ᠰᠠᠨᠠᠭᠤᠯᠵᠤ᠂ ᠬᠤᠷᠢᠭᠯᠠᠬᠤ ᠶᠢᠨ ᠬᠠᠮᠲᠤ | ᠬᠠᠷᠢᠶ᠎ᠠ ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠦᠷᠦᠭᠡ ᠴᠢᠮᠡᠭᠯᠡᠭᠴᠢ ᠳᠤ ᠤᠷᠢᠳᠴᠢᠯᠡᠨ | ᠮᠡᠳᠡᠭᠳᠡᠭᠰᠡᠨ ᠦᠭᠡᠢ᠂ ᠵᠠᠰᠠᠵᠤ ᠴᠢᠮᠡᠭᠯᠡᠬᠦ ᠶᠢ ᠬᠠᠮᠢᠶᠠᠷᠬᠤ ᠦᠢᠯᠡᠴᠢᠯᠡᠭᠡᠨ ᠤ ᠵᠥᠪᠯᠡᠯᠴᠡᠬᠡᠷ ᠲᠣᠭᠲᠠᠭᠰᠠᠨ ᠦᠭᠡᠢ | ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶᠠᠷᠤᠯᠲᠠ ᠶᠣᠰᠣᠭᠠᠷ ᠪᠠᠷᠢᠯᠭ᠎ᠠ ᠶᠢᠨ | ᠠᠵᠢᠯᠲᠠᠨ᠂ ᠪᠠᠷᠢᠯᠭ᠎ᠠ ᠶᠢᠨ ᠪᠠᠭᠠᠵᠢ ᠬᠡᠷᠡᠭᠰᠡᠯ᠂ ᠮᠠᠰᠢᠨ ᠲᠥᠬᠦᠭᠡᠷᠦᠮᠵᠢ᠂ ᠮᠠᠲ᠋ᠧᠷᠢᠶᠠᠯ ᠵᠡᠷᠭᠡ ᠶᠢ ᠪᠠᠷᠢᠯᠭ᠎ᠠ | ᠶᠢᠨ ᠲᠤᠬᠠᠢ ᠶᠢᠨ ᠲᠠᠯᠠᠪᠤᠷ ᠲᠤ ᠣᠷᠣᠭᠤᠯᠬᠤ ᠶᠢ ᠬᠢᠵᠠᠭᠠᠷᠯᠠᠵᠤ ᠪᠣᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠨᠢ ᠲᠣᠭᠲᠠᠭᠠᠯ ᠢ ᠦᠯᠦ ᠵᠢᠷᠤᠮᠯᠠᠨ ᠴᠠᠭᠠᠵᠠᠯᠠᠬᠤ ᠦᠢᠯᠡ ᠠᠵᠢᠯᠯᠠᠭ᠎ᠠ ᠪᠠ ᠠᠩᠬᠠᠷᠬᠤ ᠵᠦᠢᠯᠡᠰ ᠢ | ᠮᠡᠳᠡᠭᠳᠡᠭᠰᠡᠨ ᠦᠭᠡᠢ᠂ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠭᠰᠠᠨ ᠦᠭᠡᠢ᠂ ᠬᠤᠷᠢᠭᠯᠠᠨ ᠵᠣᠭᠰᠣᠭᠠᠭᠰᠠᠨ | ᠪᠠ ᠮᠡᠳᠡᠭᠦᠯᠦᠭᠰᠡᠨ ᠦᠭᠡᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠨᠣᠴᠢᠲᠠᠢ ᠬᠡᠮᠵᠢᠶ᠎ᠡ ᠶᠢ ᠨᠢ ᠦᠵᠡᠵᠦ ᠪᠠᠶᠢᠭᠠᠳ | ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠳᠤ ᠣᠷᠣᠭᠤᠯᠤᠨ᠎ᠠ᠃ | ᠶᠢᠰᠦᠳᠦᠭᠡᠷ ᠵᠦᠢᠯ ᠵᠠᠰᠠᠨ ᠴᠢᠮᠡᠭᠯᠡᠭᠴᠢ ᠵᠢᠴᠢ ᠲᠡᠭᠦᠨ ᠤ ᠨᠠᠶᠢᠳᠠᠭᠰᠠᠨ ᠵᠠᠰᠠᠯ ᠴᠢᠮᠡᠭᠯᠡᠯ ᠤᠨ ᠠᠵᠤ | ᠠᠬᠤᠶᠢᠯᠠᠯ ᠨᠢ ᠬᠠᠤᠯᠢ ᠲᠣᠭᠲᠠᠭᠠᠯ ᠠᠴᠠ ᠵᠥᠷᠢᠴᠡᠨ ᠵᠠᠰᠠᠯ ᠴᠢᠮᠡᠭᠯᠡᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠶᠣᠰᠣᠭᠠᠷ ᠰᠢᠢᠳᠬᠡᠵᠦ᠂ ᠲᠤᠬᠠᠢ ᠶᠢᠨ ᠬᠥᠮᠦᠨ ᠨᠢ ᠴᠡᠭᠴᠡᠯᠡᠨ | ᠥᠭᠡᠷᠡᠴᠢᠯᠡᠵᠦ ᠨᠤᠷᠠᠭᠠᠬᠤ ᠪᠠ ᠪᠠᠷᠢᠯᠭ᠎ᠠ ᠶᠢ ᠰᠡᠷᠭᠦᠭᠡᠬᠦ ᠵᠡᠷᠭᠡ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ᠃ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠥᠩᠭᠡᠪᠲᠦᠷ ᠪᠥᠭᠡᠳ ᠴᠠᠭ ᠲᠤᠬᠠᠢ ᠳᠤᠨᠢ ᠵᠠᠯᠠᠷᠠᠭᠤᠯᠵᠤ | ᠬᠤᠣᠷ ᠬᠥᠨᠥᠭᠡᠯ ᠤᠨ ᠦᠷ᠎ᠡ ᠤᠷᠰᠢᠭ ᠭᠠᠷᠭᠠᠭᠰᠠᠨ ᠦᠭᠡᠢ ᠪᠣᠯ ᠵᠠᠰᠠᠭ ᠵᠠᠬᠢᠷᠭᠠᠨ ᠤ ᠰᠢᠳᠬᠡᠯ ᠥᠭᠬᠦ ᠦᠭᠡᠢ᠃ | ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠥᠭᠡᠳ ᠬᠥᠨᠥᠭᠡᠯ ᠤᠨ ᠦᠷ᠎ᠡ ᠤᠷᠰᠢᠭ ᠢ ᠨᠢ ᠬᠥᠩᠭᠡᠪᠲᠦᠷ | ᠮᠥᠷᠲᠡᠭᠡᠨ ᠴᠠᠭ ᠲᠤᠬᠠᠢ ᠳᠤᠨᠢ ᠵᠠᠯᠠᠷᠠᠭᠤᠯᠤᠭᠰᠠᠨ ᠪᠣᠯ᠂ ᠲᠤᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠤᠬᠠᠢ ᠶᠢᠨ ᠬᠥᠮᠦᠨ ᠢ ᠰᠤᠷᠭᠠᠨ ᠬᠥᠮᠦᠵᠢᠭᠦᠯᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠢᠶᠠᠷ | ᠰᠢᠳᠬᠡᠨ ᠲᠣᠷᠭᠠᠬᠤ ᠦᠭᠡᠢ ᠪᠠᠶᠢᠵᠤ ᠪᠣᠯᠤᠨ᠎ᠠ᠃ | ᠳᠥᠷᠪᠡᠳᠦᠭᠡᠷ ᠪᠦᠯᠦᠭ ᠶᠠᠰᠤ ᠴᠢᠨᠠᠷ ᠤᠨ ᠠᠶᠥᠯᠬᠦᠢ ᠶᠢᠨ ᠬᠢᠨᠠᠠ ᠬᠠᠮᠢᠶᠠᠷᠤᠯᠲᠠ ᠶᠢ ᠴᠢᠩᠭᠠᠳᠬᠠᠨ᠎ᠠ | ᠠᠷᠪᠠᠳᠤᠭᠠᠷ ᠵᠦᠢᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ | ᠵᠠᠬᠢᠷᠭᠠᠨ ᠤ ᠣᠷᠣᠨ ᠤ ᠪᠠᠨ ᠭᠡᠷ ᠪᠠᠶᠢᠰᠢᠩ ᠤᠨ ᠦᠷᠦᠭᠡ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠬᠢᠨᠠᠠ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ᠂ ᠳᠣᠣᠷᠠᠬᠢ | ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠬᠤ ᠲᠤᠬᠠᠢ ᠶᠢᠨ ᠬᠥᠮᠦᠨ᠂ ᠨᠢᠭᠡᠴᠡ ᠠᠴᠠ ᠪᠠᠷᠢᠯᠭ᠎ᠠ ᠶᠢᠨ ᠶᠠᠰᠤ ᠴᠢᠨᠠᠷ ᠤᠨ ᠲᠤᠬᠠᠢ | ᠪᠢᠴᠢᠭ ᠮᠠᠲ᠋ᠧᠷᠢᠶᠠᠯ ᠢ ᠬᠠᠩᠭᠠᠬᠤ ᠶᠢ ᠱᠠᠭᠠᠠᠷᠳᠠᠬᠤ ᠬᠡᠷᠡᠭᠲᠡᠢ︔ | ︵ᠬᠤᠶᠠᠷ︶ ᠪᠠᠶᠢᠴᠠᠭᠠᠭᠳᠠᠬᠤ ᠲᠤᠬᠠᠢ ᠶᠢᠨ ᠬᠥᠮᠦᠨ᠂ ᠨᠢᠭᠡᠴᠡ ᠶᠢᠨ ᠪᠠᠷᠢᠯᠭ᠎ᠠ ᠶᠢᠨ ᠲᠤᠬᠠᠢ ᠶᠢᠨ ᠭᠠᠵᠠᠷ ᠲᠤ | ᠬᠦᠷᠴᠦ ᠪᠠᠶᠢᠴᠠᠭᠠᠯᠲᠠ ᠬᠢᠬᠦ ᠬᠡᠷᠡᠭᠲᠡᠢ︔ | ︵ᠭᠤᠷᠪᠠ︶ ᠪᠠᠷᠢᠯᠭ᠎ᠠ ᠶᠢᠨ ᠶᠠᠰᠤ ᠴᠢᠨᠠᠷ ᠢ ᠨᠥᠯᠥᠭᠡᠯᠡᠭᠰᠡᠨ ᠠᠰᠠᠭᠤᠳᠠᠯ ᠢ ᠣᠯᠵᠤ ᠮᠡᠳᠡᠪᠡᠯ᠂ ᠵᠠᠷᠯᠢᠭᠳᠠᠵᠤ | ᠵᠠᠯᠠᠷᠠᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠰᠠᠯ | ᠴᠢᠮᠡᠭᠯᠡᠯ ᠤᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠦᠷᠦᠭᠡ ᠴᠢᠮᠡᠭᠯᠡᠯ ᠤᠨ | ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠪᠠᠯ ᠴᠠᠭ ᠲᠤᠬᠠᠢ ᠳᠤᠨᠢ ᠰᠢᠢᠳᠪᠦᠷᠢᠯᠡᠵᠦ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠦᠷᠦᠭᠡ ᠴᠢᠮᠡᠭᠯᠡᠯ ᠤᠨ | ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠰᠤᠮᠤ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠲᠠᠢ ᠬᠠᠮᠲᠤᠷᠠᠨ ᠰᠢᠨ᠎ᠡ ᠪᠠᠷ | ᠲᠤᠰᠢᠶᠠᠨ ᠬᠡᠷᠡᠭᠯᠡᠭᠦᠯᠦᠭᠰᠡᠨ ᠪᠠᠭ᠎ᠠ ᠬᠤᠷᠢᠶᠠᠯᠠᠯ᠂ ᠬᠠᠭᠤᠴᠢᠨ ᠪᠠᠭ᠎ᠠ ᠬᠤᠷᠢᠶᠠᠯᠠᠯ ᠵᠡᠷᠭᠡ ᠶᠢᠨ ᠴᠢᠮᠡᠭᠯᠡᠨ ᠵᠠᠰᠠᠬᠤ | ᠠᠵᠢᠯ ᠨᠢᠭᠲᠠᠷᠠᠭᠰᠠᠨ ᠣᠷᠣᠨ ᠪᠦᠰᠡ ᠶᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠪᠠᠭ᠎ᠠ ᠬᠤᠷᠢᠶᠠᠯᠠᠯ ᠤᠨ ᠢᠯᠡ ᠨᠡᠶᠢᠲᠡᠯᠡᠬᠦ ᠪᠤᠯᠤᠩ᠂ | ᠡᠯᠧᠺᠲᠷᠣᠨ ᠳᠡᠯᠭᠡᠴᠡ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ᠂ ᠦᠷᠦᠭᠡ ᠴᠢᠮᠡᠭᠯᠡᠯ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠰᠠᠭᠤᠭᠠᠯᠢ | ᠠᠷᠠᠳ ᠲᠤ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠡᠭᠦᠷᠭᠡ᠂ ᠴᠠᠭᠠᠵᠠᠯᠠᠬᠤ ᠠᠵᠢᠯᠯᠠᠭ᠎ᠠ᠂ | ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠵᠡᠷᠭᠡ ᠠᠭᠤᠯᠭ᠎ᠠ ᠶᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠭᠡᠷ ᠪᠠᠶᠢᠰᠢᠩ ᠤᠨ ᠬᠠᠷᠢᠭᠤᠴᠠᠯᠭᠠᠲᠠᠨ ᠪᠣᠯᠬᠤ | ᠭᠤᠣᠯ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠣᠯᠪᠠᠰᠤᠨ ᠢᠶᠠᠷ ᠵᠠᠰᠠᠨ ᠴᠢᠮᠡᠭᠯᠡᠬᠦ | ᠣᠨᠣᠯᠵᠢᠬᠤᠨ ᠢ ᠪᠣᠢ ᠪᠣᠯᠭᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠦᠨᠳᠦ ᠶᠢ ᠳᠠᠭᠠᠭᠠᠬᠤ ᠪᠦᠲᠦᠴᠡ ᠶᠢ ᠡᠪᠳᠡᠭᠰᠡᠨ ᠦᠭᠡᠢ ᠪᠣᠯᠪᠠᠴᠤ ᠪᠤᠰᠤᠳ | ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠨᠢ ᠴᠠᠭ ᠲᠤᠬᠠᠢ ᠳᠤᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠵᠤ ᠴᠢᠮᠡᠭᠰᠡᠨ ᠬᠥᠮᠦᠨ ᠪᠤᠶᠤ ᠵᠠᠰᠠᠵᠤ ᠴᠢᠮᠡᠭᠯᠡᠬᠦ | ᠠᠵᠤ ᠠᠬᠤᠶᠢᠯᠠᠯ ᠨᠢ ᠬᠠᠤᠯᠢ ᠬᠡᠷᠡᠭᠵᠢᠭᠦᠯᠬᠦ ᠶᠢ ᠬᠠᠷᠰᠢᠯᠠᠬᠤ᠂ ᠬᠠᠤᠯᠢ ᠬᠡᠷᠡᠭᠵᠢᠭᠦᠯᠬᠦ ᠳᠤ ᠬᠠᠮᠵᠢᠯᠴᠠᠬᠤ ᠶᠢ | ᠲᠡᠪᠴᠢᠭᠰᠡᠨ ᠪᠠ ᠨᠢᠭᠡᠨᠳᠡ ᠬᠤᠪᠢᠷᠠᠭᠤᠯᠤᠭᠰᠠᠨ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ | ᠪᠦᠲᠦᠴᠡ ᠶᠢ ᠰᠡᠷᠭᠦᠭᠡᠬᠦ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ | ᠬᠠᠤᠯᠢ︾ ᠶᠢ ᠦᠨᠳᠦᠰᠦᠯᠡᠨ ᠰᠢᠳᠬᠡᠨ ᠲᠣᠷᠭᠠᠬᠤ ᠬᠡᠷᠡᠭᠲᠡᠢ᠃ ᠪᠠᠷᠢᠯᠭ᠎ᠠ ᠶᠢᠨ ᠭᠤᠣᠯ ᠴᠣᠭᠴᠠ ᠪᠣᠯᠤᠨ | ᠳᠠᠭᠠᠭᠠᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠠᠴᠠ ᠪᠣᠯᠵᠤ ᠬᠦᠨᠳᠦ ᠶᠡᠭᠡ ᠠᠮᠤᠷ | ᠲᠦᠪᠰᠢᠨ ᠤ ᠳᠠᠯᠳᠠ ᠭᠡᠮ ᠪᠣᠯᠵᠤ ᠣᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ | ᠤᠴᠠᠷᠠᠭᠤᠯᠤᠭᠠᠳ ᠶᠠᠯ᠎ᠠ ᠳᠤ ᠬᠦᠷᠦᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ | ᠰᠢᠢᠳᠪᠦᠷᠢᠯᠡᠬᠦ ᠬᠡᠷᠡᠭᠲᠡᠢ᠃ | ᠲᠠᠪᠤᠳᠤᠭᠠᠷ ᠪᠦᠯᠦᠭ ᠲᠣᠭᠲᠠᠭᠠᠯ ᠠᠴᠠ ᠵᠥᠷᠢᠴᠡᠨ ᠵᠠᠰᠠᠵᠤ ᠴᠢᠮᠡᠭᠯᠡᠬᠦ ᠳᠠᠯᠳᠠ ᠭᠡᠮ ᠢ ᠠᠷᠢᠯᠭᠠᠬᠤ | ᠠᠵᠢᠯ ᠢ ᠴᠢᠩᠭᠠᠷᠠᠭᠤᠯᠤᠨ᠎ᠠ | ᠠᠷᠪᠠᠨ ᠵᠢᠷᠭᠤᠳᠤᠭᠠᠷ ᠵᠦᠢᠯ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠰᠠᠨ ᠴᠢᠮᠡᠭᠯᠡᠬᠦ ᠦᠢᠯᠡ | ᠠᠵᠢᠯᠯᠠᠭ᠎ᠠ ᠶᠢ ᠣᠯᠠᠨ ᠲᠦᠮᠡᠨ ᠪᠣᠯᠤᠨ ᠬᠠᠮᠢᠶᠠᠷᠤᠯᠲᠠ ᠶᠢᠨ ᠨᠢᠭᠡᠴᠡ ᠶᠢᠨ ᠵᠠᠭᠠᠯᠳᠤᠯᠭ᠎ᠠ ᠬᠢᠵᠤ ᠮᠡᠳᠡᠭᠦᠯᠦᠯᠲᠡ | ᠲᠡᠪᠰᠢᠭᠦᠯᠦᠭᠰᠡᠨ ᠪᠠᠶᠢᠪᠠᠯ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯ᠎ᠡ | ᠬᠤᠯᠪᠣᠭᠳᠠᠯ ᠪᠦᠬᠦᠢ ᠨᠢᠭᠡᠴᠡ ᠵᠢᠴᠢ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠴᠠᠭ ᠲᠤᠬᠠᠢ ᠳᠤᠨᠢ | ᠲᠤᠬᠠᠢ ᠶᠢᠨ ᠲᠠᠯᠠᠪᠠᠢ ᠳᠤ ᠬᠦᠷᠴᠦ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠵᠠᠰᠠᠵᠤ ᠴᠢᠮᠡᠭᠯᠡᠭᠴᠢ ᠨᠢ ᠬᠢᠷᠢ ᠭᠡᠮ ᠤᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠺᠣᠮᠫᠠᠨᠢ ᠳᠤ ᠨᠠᠶᠢᠳᠠᠵᠤ᠂ ᠨᠤᠷᠠᠭᠠᠨ | ᠥᠭᠡᠷᠡᠴᠢᠯᠡᠭᠰᠡᠨ ᠪᠠᠶᠢᠳᠠᠯ ᠳᠤ ᠴᠢᠭᠯᠡᠭᠦᠯᠦᠨ ᠪᠠᠶᠢᠴᠠᠭᠠᠨ ᠰᠢᠯᠭᠠᠵᠤ᠂ ᠬᠤᠶᠢᠰᠢᠳᠠ ᠶᠢᠨ ᠤᠤᠯ ᠶᠠᠩᠵᠤ ᠪᠠᠨ | ᠰᠡᠷᠭᠦᠭᠡᠬᠦ ᠪᠤᠶᠤ ᠪᠠᠬᠢᠵᠢᠭᠦᠯᠬᠦ ᠵᠢᠷᠤᠭ ᠲᠥᠯᠥᠪᠯᠡᠭᠡ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ | ᠃ | ︵ᠨᠢᠭᠡ︶ ᠬᠡᠷᠪᠡ ᠨᠤᠷᠠᠭᠠᠨ ᠥᠭᠡᠷᠡᠴᠢᠯᠡᠭᠰᠡᠨ ᠬᠡᠰᠡᠭ ᠨᠢ ︽ᠬᠤᠲᠠ ᠶᠢᠨ ᠠᠶᠤᠯᠲᠠᠢ ᠭᠡᠷ ᠪᠠᠶᠢᠰᠢᠩ ᠤᠨ | ᠬᠠᠮᠢᠶᠠᠷᠤᠯᠲᠠ ᠶᠢᠨ ᠲᠣᠭᠲᠠᠭᠠᠯ︾ ᠳᠤ ᠲᠣᠭᠲᠠᠭᠠᠭᠰᠠᠨ ᠬᠤᠲᠠ ᠶᠢᠨ ᠠᠶᠤᠯ ᠲᠠᠢ ᠭᠡᠷ ᠪᠠᠶᠢᠰᠢᠩ ᠤᠨ | ᠱᠠᠭᠠᠷᠳᠠᠯᠭ᠎ᠠ ᠳᠤ ᠬᠦᠷᠦᠭᠡᠳᠥᠢ ᠪᠣᠯ ᠨᠤᠷᠠᠭᠠᠨ ᠵᠠᠰᠠᠭᠰᠠᠨ ᠬᠡᠰᠡᠭ ᠲᠤ ᠪᠦᠲᠦᠴᠡ ᠶᠢᠨ ᠨᠥᠬᠦᠪᠥᠷᠢᠯᠡᠯᠲᠡ ︵ᠪᠠᠬᠢᠯᠡᠬᠦ | ︶ ᠬᠢᠨ᠎ᠡ᠃ ᠪᠦᠲᠦᠴᠡ ᠶᠢᠨ ᠨᠥᠬᠦᠪᠥᠷᠢᠯᠡᠯᠲᠡ ︵ᠪᠠᠬᠢᠯᠡᠬᠦ︶ ᠬᠢᠭᠦ ᠳᠡᠭᠡᠨ ᠵᠣᠬᠢᠬᠤ ᠬᠢᠷᠢ ᠭᠡᠮ ᠤᠨ ᠳᠡᠰ ᠲᠠᠢ | ᠵᠢᠷᠤᠭ ᠲᠥᠯᠥᠪᠯᠡᠭᠡ ᠶᠢᠨ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢ ᠤᠷᠢᠵᠤ ᠵᠢᠷᠤᠭᠯᠠᠨ ᠲᠥᠯᠥᠪᠯᠡᠬᠦ ᠪᠠ ᠪᠠᠷᠢᠯᠭ᠎ᠠ | ᠪᠠᠷᠢᠬᠤ ᠬᠡᠷᠡᠭᠲᠡᠢ᠃ | ︵ᠬᠤᠶᠠᠷ︶ ᠬᠡᠷᠪᠡ ᠪᠦᠲᠦᠴᠡ ᠨᠢ ᠬᠦᠨᠳᠦ ᠨᠣᠴᠢᠲᠠᠢ ᠡᠪᠳᠡᠭᠳᠡᠭᠰᠡᠨ ᠪᠤᠶᠤ ᠳᠠᠭᠠᠭᠠᠴᠠ ᠶᠢᠨ ᠬᠡᠰᠡᠭ ᠨᠢ | ᠨᠢᠭᠡᠨᠲᠡ ᠠᠶᠤᠯ ᠲᠠᠢ ᠪᠣᠯᠤᠭᠰᠠᠨ᠂ ᠴᠠᠭ ᠢᠮᠠᠭᠲᠠ ᠪᠦᠲᠦᠴᠡ ᠶᠢᠨ ᠲᠣᠭᠲᠠᠭᠤᠨ ᠪᠠᠶᠢᠬᠤ ᠪᠠ ᠳᠠᠭᠠᠭᠠᠬᠤ | ᠴᠢᠳᠠᠪᠤᠷᠢ ᠪᠠᠨ ᠠᠯᠳᠠᠵᠤ ᠮᠡᠳᠡᠬᠦ ᠪᠣᠯᠤᠭᠠᠳ ᠣᠷᠣᠨ ᠰᠠᠭᠤᠴᠠ ᠶᠢᠨ ᠠᠮᠤᠷ ᠲᠦᠪᠰᠢᠨ ᠢ ᠪᠠᠳᠥᠯᠠᠵᠤ ᠴᠢᠳᠠᠬᠤ | ᠦᠭᠡᠢ ᠭᠡᠷ ᠪᠠᠶᠢᠰᠢᠩ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠠᠶᠤᠯᠲᠠᠢ ᠭᠡᠷ | ᠪᠠᠶᠢᠰᠢᠩ ᠤᠨ ᠬᠠᠮᠢᠶᠠᠷᠤᠯᠲᠠ ᠶᠢᠨ ᠲᠣᠭᠲᠠᠭᠠᠯ︾᠂ ︽ᠠᠶᠤᠯᠲᠠᠢ ᠭᠡᠷ ᠪᠠᠶᠢᠰᠢᠩ ᠢ ᠬᠢᠨᠠᠨ ᠲᠣᠭᠲᠠᠭᠠᠬᠤ ᠪᠠᠷᠢᠮᠵᠢᠶ᠎ᠠ | ︾᠂ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠨᠠᠶᠢᠳᠠᠪᠤᠷᠢᠲᠤ ᠴᠢᠨᠠᠷ ᠤᠨ ᠬᠢᠨᠠᠨ ᠲᠣᠭᠲᠠᠭᠠᠬᠤ ᠪᠠᠷᠢᠮᠵᠢᠶ᠎ᠠ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ᠂ ᠵᠠᠰᠠᠵᠤ ᠴᠢᠮᠡᠭᠯᠡᠭᠴᠢ ᠶᠢ ᠱᠠᠯᠠᠪᠳᠠᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠭᠡᠷ | ᠪᠠᠶᠢᠰᠢᠩ ᠳᠤ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠯᠭᠡᠬᠦ ᠶᠢᠨ ᠬᠠᠮᠲᠤ᠂ ᠬᠢᠨᠠᠨ ᠲᠣᠭᠲᠠᠭᠠᠭᠰᠠᠨ ᠦᠷ᠎ᠡ | ᠳ᠋ᠦᠩ ᠢ ᠦᠨᠳᠦᠰᠦᠯᠡᠨ ᠴᠠᠭ ᠲᠤᠬᠠᠢ ᠳᠤᠨᠢ ᠵᠣᠬᠢᠬᠤ ᠬᠢᠷᠢ ᠭᠡᠮ ᠤᠨ ᠵᠡᠷᠭᠡ ᠳᠡᠰ ᠲᠠᠢ ᠵᠢᠷᠤᠭ ᠲᠥᠯᠥᠪᠯᠡᠭᠡ᠂ | ᠪᠠᠷᠢᠯᠭ᠎ᠠ ᠪᠠᠷᠢᠬᠤ ᠨᠢᠭᠡᠴᠡ ᠳᠤ ᠨᠠᠶᠢᠳᠠᠵᠤ ᠭᠡᠷ ᠪᠠᠶᠢᠰᠢᠩ ᠢ ᠰᠡᠯᠪᠢᠨ ᠵᠠᠰᠠᠵᠤ ᠪᠠᠬᠢᠵᠢᠭᠦᠯᠬᠦ ᠬᠡᠷᠡᠭᠲᠡᠢ᠃ | ᠠᠷᠪᠠᠨ ᠨᠠᠶ᠋ᠮᠠᠳᠤᠭᠠᠷ ᠵᠦᠢᠯ ᠵᠠᠰᠠᠵᠤ ᠴᠢᠮᠡᠭᠯᠡᠭᠴᠢ ᠨᠢ ᠬᠢᠷᠢ ᠭᠡᠮ ᠤᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠵᠢᠷᠤᠭᠯᠠᠨ ᠲᠥᠯᠥᠪᠯᠡᠬᠦ ᠨᠢᠭᠡᠴᠡ ᠳᠤ ᠨᠠᠶᠢᠳᠠᠵᠤ᠂ ᠳᠡᠭᠡᠷ᠎ᠡ ᠳᠤᠷᠠᠳᠤᠭᠰᠠᠨ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ ᠤ ᠨᠤᠲᠠᠯᠠᠭᠰᠠᠨ ᠮᠡᠳᠡᠭᠦᠯᠦᠯᠲᠡ ᠶᠢ ᠦᠨᠳᠦᠰᠦᠯᠡᠨ᠂ ᠴᠢᠬᠤᠯᠠ ᠲᠠᠢ | ᠦᠶ᠎ᠡ ᠳᠤ ᠪᠣᠳᠠᠲᠠᠢ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠵᠠᠳᠠᠯᠤᠨ | ᠥᠭᠡᠷᠡᠴᠢᠯᠡᠭᠰᠡᠨ ᠬᠡᠰᠡᠭ ᠲᠤ ᠤᠤᠯ ᠶᠠᠩᠵᠤ ᠶᠢ ᠨᠢ ᠰᠡᠷᠭᠦᠭᠡᠬᠦ ᠪᠤᠶᠤ ᠥᠭᠡᠷᠡᠴᠢᠯᠡᠨ ᠪᠠᠬᠢᠵᠢᠭᠦᠯᠬᠦ ᠵᠢᠷᠤᠭ | ᠲᠥᠯᠥᠪᠯᠡᠭᠡ ᠬᠢᠬᠦ ᠶᠢᠨ ᠬᠠᠮᠲᠤ᠂ ᠤᠤᠯ ᠤᠨ ᠶᠠᠩᠵᠤ ᠶᠢ ᠨᠢ ᠰᠡᠷᠭᠦᠭᠡᠬᠦ ᠪᠤᠶᠤ ᠥᠭᠡᠷᠡᠴᠢᠯᠡᠨ ᠪᠠᠬᠢᠵᠢᠭᠦᠯᠬᠦ ᠲᠥᠰᠦᠯ | ᠬᠢᠵᠦ ᠥᠭᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠦᠷᠦᠭᠡ ᠴᠢᠮᠡᠭᠯᠡᠭᠴᠢ ᠬᠢᠷᠢ ᠴᠢᠳᠠᠮᠵᠢ ᠶᠢᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠷᠢᠯᠭ᠎ᠠ ᠪᠠᠷᠢᠬᠤ ᠨᠢᠭᠡᠴᠡ ᠳᠤ ᠨᠠᠶᠢᠳᠠᠵᠤ ᠤᠤᠯ ᠤᠨ ᠶᠠᠩᠵᠤ ᠪᠠᠨ ᠰᠡᠷᠭᠦᠭᠡᠬᠦ ᠲᠥᠰᠦᠯ ᠪᠤᠶᠤ | ᠪᠠᠬᠢᠵᠢᠭᠦᠯᠬᠦ ᠲᠥᠰᠦᠯ ᠤᠨ ᠶᠣᠰᠣᠭᠠᠷ ᠪᠠᠷᠢᠯᠭ᠎ᠠ ᠪᠠᠷᠢᠵᠤ᠂ ᠪᠠᠷᠢᠯᠭ᠎ᠠ ᠶᠢᠨ ᠶᠠᠪᠤᠴᠠ ᠳᠤ ᠣᠳᠣ ᠶᠢᠨ | ᠬᠡᠷᠡᠭᠵᠢᠭᠦᠯᠵᠦ ᠪᠠᠶᠢᠭ᠎ᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠬᠤ ᠶᠠᠰᠤ ᠴᠢᠨᠠᠷ ᠢ ᠴᠢᠩᠭ᠎ᠠ | ᠡᠵᠡᠮᠳᠡᠬᠦ ᠬᠡᠷᠡᠭᠲᠡᠢ᠃ | ᠬᠤᠷᠢᠳᠤᠭᠠᠷ ᠵᠦᠢᠯ ᠦᠷᠦᠭᠡ ᠴᠢᠮᠡᠭᠯᠡᠭᠴᠢ ᠨᠢ ᠬᠢᠷᠢ ᠭᠡᠮ ᠤᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠺᠣᠮᠫᠠᠨᠢ ᠳᠤ ᠨᠠᠶᠢᠳᠠᠵᠤ᠂ ᠤᠤᠯ ᠤᠨ ᠬᠡᠪ ᠢᠶᠠᠷ ᠨᠢ | ᠰᠡᠷᠭᠦᠭᠡᠨ ᠪᠠᠷᠢᠭᠰᠠᠨ ᠪᠤᠶᠤ ᠪᠠᠬᠢᠵᠢᠭᠦᠯᠵᠦ ᠪᠠᠷᠢᠭᠰᠠᠨ ᠤ ᠳᠠᠷᠠᠭᠠᠬᠢ ᠪᠠᠷᠢᠯᠭ᠎ᠠ ᠶᠢᠨ ᠶᠠᠰᠤ ᠴᠢᠨᠠᠷ ᠲᠤ ᠴᠢᠭᠯᠡᠭᠦᠯᠦᠨ | ᠪᠠᠶᠢᠴᠠᠭᠠᠨ ᠰᠢᠯᠭᠠᠬᠤ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢ ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | |