【 ᠪᠣᠯᠪᠠᠰᠤᠨ ᠢ ᠳᠠᠮᠵᠢᠭᠤᠯᠵᠤ ᠠᠮᠢ ᠨᠠᠰᠤ ᠪᠠᠨ ᠬᠠᠮᠠᠭᠠᠯᠠᠶ᠎ᠠ】 ᠠᠮᠠᠨ ᠬᠦᠨᠳᠡᠢ ᠶᠢ ᠬᠠᠶᠢᠷᠠᠯᠠᠬᠤ ᠨᠢ ︽ᠰᠢᠳᠤ︾᠎ ᠠᠴᠠ ᠡᠬᠢᠯᠡᠯ᠎ᠡ
ᠨᠡᠶᠢᠲᠡᠯᠡᠭᠰᠡᠨ ᠴᠠᠭ᠄
2024/3/28
    ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠪᠡᠳᠴᠢᠨ ᠡᠮᠭᠡᠭ ᠢ ᠴᠢᠬᠤᠯᠠᠴᠢᠯᠠᠬᠤ ᠶᠢ ᠴᠢᠩᠭᠠᠳᠬᠠᠨ᠂ ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠵᠥᠩ ᠬᠤᠶ ᠭᠡᠷ ᠬᠤᠷᠢᠶᠠᠯᠠᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠢᠩ ᠵᠦᠸᠧ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠠᠮᠠᠨ ᠬᠦᠨᠳᠡᠢ ᠶᠢ ᠬᠠᠶᠢᠷᠠᠯᠠᠬᠤ ᠨᠢ ︽ᠰᠢᠳᠤ︾᠎ ᠠᠴᠠ ᠡᠬᠢᠯᠡᠬᠦ︾ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
C:\Users\Administrator\Desktop\新闻照片\14.jpg
    ᠬᠦᠳᠡᠯᠭᠡᠭᠡᠨ ᠤ ᠲᠤᠬᠠᠶ ᠶᠢᠨ ᠲᠠᠯᠠᠪᠤᠷ ᠲᠤ᠂ ᠵᠢᠩ ᠵᠦᠸᠧ ᠠᠮᠠᠨ ᠬᠥᠨᠳᠡᠶ ᠶᠢᠨ ᠡᠮᠴᠢ ᠰᠤᠪᠢᠯᠠᠭᠴᠢᠳ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠰᠢᠳᠦ ᠤᠬᠢᠶᠠᠬᠤ ᠵᠥᠪ ᠣᠨᠣᠪᠴᠢᠲᠠᠶ ᠪᠦᠲᠦᠮᠵᠢᠲᠡᠶ ᠠᠷᠭ᠎ᠠ ᠶᠢ ᠲᠠᠨᠢᠯᠴᠠᠭᠤᠯᠵᠤ᠂ ᠢᠳᠡᠭᠡᠨ ᠤ ᠰᠢᠭᠠᠷᠤ ᠶᠢ ᠪᠠᠭᠠᠰᠬᠠᠬᠤ᠂ ᠰᠢᠳᠦᠨ ᠤ ᠰᠢᠭᠠᠷᠤ ᠶᠢ ᠠᠷᠢᠯᠭᠠᠬᠤ᠂ ᠰᠢᠳᠦᠨ ᠤ ᠬᠤᠷᠣᠬᠠᠶᠢᠲᠤᠬᠤ ᠪᠠ ᠰᠢᠳᠦᠨ ᠤ ᠦᠷᠪᠢᠰᠦᠯ ᠵᠡᠷᠭᠡ ᠠᠰᠠᠭᠤᠳᠠᠯ ᠢ ᠠᠷᠢᠯᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠤᠭᠤᠯᠠᠨ ᠤ ᠳᠠᠷᠠᠭ᠎ᠠ ᠠᠮᠠ ᠪᠠᠨ ᠵᠠᠶᠢᠯᠠᠵᠤ᠂ ᠡᠷᠲᠡ ᠣᠷᠣᠢ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠣᠯᠭᠠᠭᠰᠠᠨ ᠪᠥᠭᠡᠳ ᠰᠠᠭᠤᠭᠠᠯᠢ ᠠᠷᠠᠳ ᠤᠨ ᠳᠤᠷᠠᠳᠤᠭᠰᠠᠨ ᠰᠢᠳᠦ ᠪᠠᠨ ᠬᠠᠶᠢᠷᠠᠯᠠᠬᠤ᠂ ᠰᠢᠳᠦ ᠪᠠᠨ ᠬᠠᠮᠠᠭᠠᠯᠠᠬᠤ ᠪᠠ ᠰᠢᠳᠦ ᠪᠠᠨ ᠵᠠᠰᠠᠬᠤ ᠲᠤᠬᠠᠶ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠡᠳᠡᠨ ᠳᠤ ᠵᠣᠬᠢᠴᠠᠩᠭᠤᠶ ᠡᠮᠴᠢᠯᠡᠭᠡᠨ ᠤ ᠰᠠᠨᠠᠭᠤᠯᠭ᠎ᠠ ᠪᠠ ᠲᠥᠰᠦᠯ ᠬᠠᠩᠭᠠᠭᠰᠠᠨ ᠪᠠᠶᠢᠨ᠎ᠠ᠃
C:\Users\Administrator\Desktop\新闻照片\15.jpg
    ᠲᠣᠰ ᠤᠳᠠᠭᠠᠨ ᠤ ᠠᠮᠠᠨ ᠬᠥᠨᠳᠡᠶ ᠶᠢᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠨᠢ ᠰᠠᠭᠤᠭᠠᠯᠢ ᠠᠷᠠᠳ ᠲᠤ ᠠᠮᠠᠨ ᠤ ᠬᠥᠨᠳᠡᠶ ᠶᠢᠨ ᠡᠷᠡᠭᠦᠯ ᠮᠡᠨᠳᠦ ᠶᠢᠨ ᠲᠤᠰᠬᠠᠶ ᠦᠢᠯᠡᠴᠢᠯᠡᠭᠡ ᠬᠠᠩᠭᠠᠵᠤ᠂ ᠲᠡᠳᠡᠨ ᠤ ᠡᠷᠡᠭᠦᠯ ᠮᠡᠨᠳᠦ ᠶᠢᠨ ᠬᠦᠴᠢᠷᠳᠡᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠤᠬᠠᠮᠰᠠᠷ ᠢ ᠨᠡᠮᠡᠭᠳᠡᠭᠦᠯᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠭᠠᠬᠤ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠵᠦᠩ ᠬᠤᠢ ᠭᠡᠷ ᠬᠤᠷᠢᠶᠠᠯᠠᠯ ᠤᠨ ᠬᠢᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠪᠣᠯᠪᠠᠰᠤᠨ ᠢ ᠳᠠᠮᠵᠢᠭᠤᠯᠵᠤ᠂ ᠠᠮᠢ ᠨᠠᠰᠤ ᠶᠢ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号