ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ 2 ᠬᠡᠦᠬᠡᠳ ᠢ ᠬᠡᠷ ᠤᠨ ᠬᠥᠮᠦᠰ ᠲᠠᠢ ᠨᠢ ᠠᠮᠤᠷ ᠲᠦᠪᠰᠢᠨ ᠢᠶᠠᠷ ᠠᠭᠤᠯᠵᠠᠭᠤᠯᠪᠠ
ᠨᠡᠶᠢᠲᠡᠯᠡᠭᠰᠡᠨ ᠴᠠᠭ᠄
2024/3/4
    2024 ᠣᠨ ᠤ 2 ᠰᠠᠷ᠎ᠠ ᠶᠢᠨ 24᠎ ᠤ ᠡᠳᠦᠷ᠂ ᠵᠢᠥ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠵᠢᠥ ᠶᠤᠸᠠᠨ ᠲᠣᠭᠤᠷᠢᠭ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭᠠᠨ ᠤ ᠵᠡᠭᠡᠯᠢ ᠭᠤᠳᠤᠮᠵᠢ ᠶᠢᠨ ᠲᠣᠭᠯᠠᠯᠲᠠ ᠶᠢᠨ ᠠᠬᠤᠢ ᠲᠠᠯᠠᠪᠠᠢ ᠳᠤ ᠲᠣᠭᠤᠷᠢᠨ ᠴᠠᠭᠳᠠᠬᠤ ᠡᠭᠦᠷᠭᠡ ᠶᠢ ᠭᠦᠢᠴᠡᠳᠬᠡᠬᠦ ᠳᠡᠭᠡᠨ᠂ ᠤᠯᠠᠨ ᠲᠦᠮᠡᠨ ᠤ ᠲᠤᠰᠠᠯᠠᠮᠵᠢ ᠭᠤᠶᠤᠭᠰᠠᠨ ᠢ ᠲᠤᠰᠴᠤ᠂ 2 ᠬᠡᠦᠬᠡᠳ ᠲᠣᠭᠯᠠᠯᠲᠠ ᠦᠵᠡᠬᠦ ᠳᠡᠭᠡᠨ ᠭᠡᠷ ᠤᠨ ᠬᠥᠮᠦᠰ ᠲᠠᠢ ᠪᠠᠨ ᠰᠠᠯᠵᠤ ᠶᠠᠪᠤᠪᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠭᠦᠨ ᠢ ᠬᠠᠪᠰᠤᠷᠤᠨ ᠭᠡᠷ ᠤᠨ ᠬᠥᠮᠦᠰ ᠲᠠᠢ ᠬᠠᠷᠢᠯᠴᠠᠬᠤ ᠶᠢ ᠬᠦᠰᠡᠵᠦ ᠪᠠᠶᠢᠨ᠎ᠠ᠃
C:\Users\Administrator\Desktop\新闻照片\1.jpg
    ︽ᠬᠥᠮᠦᠨ ᠡᠷᠢᠬᠦ︾ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠪᠣᠯᠤᠨ ᠠᠬ᠎ᠠ ᠳᠡᠭᠦᠦ ᠴᠠᠭᠳᠠᠭᠠᠨ ᠤ ᠲᠥᠷᠥᠯ ᠲᠡᠷᠡ ᠳᠠᠷᠤᠶ ᠳᠤᠨᠢ ᠲᠠᠷᠠᠬᠠᠢ ᠪᠤᠲᠠᠷᠬᠠᠢ ᠭᠠᠵᠠᠷ ᠤᠨ ᠡᠷᠬᠢᠨ ᠲᠣᠭᠤᠷᠢᠨ ᠳᠤ ᠲᠣᠭᠤᠷᠢᠨ ᠪᠠᠶᠢᠴᠠᠭᠠᠯᠲᠠ ᠬᠢᠵᠦ᠂ 2 ᠬᠡᠤᠬᠡᠳ ᠢ ᠬᠠᠷᠠᠭᠠᠯᠵᠠᠬᠤ ᠬᠥᠮᠦᠨ ᠥᠬᠡᠶ ᠪᠠᠶᠢᠬᠤ ᠶᠢ ᠣᠯᠵᠤ ᠮᠡᠳᠡᠪᠡᠯ᠂ ᠯᠠᠪᠯᠠᠨ ᠠᠰᠠᠭᠤᠬᠤ ᠪᠠᠷ ᠳᠡᠮᠵᠢᠨ ᠬᠡᠷ ᠤᠨ ᠠᠬᠠᠮᠠᠳ ᠤᠨ ᠮᠡᠳᠡᠭᠡ ᠵᠠᠩᠭᠢ ᠶᠢ ᠣᠯᠤᠭᠰᠠᠨ ᠪᠠ ᠬᠠᠷᠢᠯᠴᠠᠵᠤ᠂ ᠬᠠᠷᠭᠤᠭᠤᠯᠤᠭᠰᠠᠨ ᠤ ᠳᠠᠷᠠᠭ᠎ᠠ᠂ ᠡᠴᠦᠰ ᠲᠡᠭᠡᠨ ᠬᠥᠨᠳᠡᠯᠡᠨ ᠵᠡᠭᠡᠯᠢ ᠪᠠ ᠪᠣᠰᠤᠭ᠎ᠠ ᠵᠡᠭᠡᠯᠢ ᠶᠢᠨ ᠠᠭᠤᠯᠵᠠᠷ ᠲᠤ ᠬᠦᠷᠴᠦ᠂ 2 ᠬᠡᠤᠬᠡᠳ ᠢ ᠬᠠᠪᠰᠤᠷᠤᠨ ᠬᠡᠷ ᠤᠨ ᠠᠬᠠᠮᠠᠳ ᠢ ᠡᠷᠢᠨ ᠣᠯᠵᠤ᠂ ᠠᠮᠤᠷ ᠲᠦᠪᠰᠢᠨ ᠢᠶᠠᠷ ᠬᠡᠤᠬᠡᠳ ᠢ ᠬᠡᠷ ᠤᠨ ᠠᠬᠠᠮᠠᠳ ᠤᠨ ᠭᠠᠷ ᠲᠤ ᠲᠤᠰᠢᠶᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号