ᠥᠪᠥᠷ ᠮᠣᠩᠭᠤᠯ ᠰᠣᠬᠤᠷ ᠬᠥᠮᠦᠨ ᠤ ᠡᠮᠴᠢᠯᠡᠭᠡᠨ ᠤ 56 ᠢᠯᠢᠯᠭᠡ ᠶᠢᠨ ᠭᠠᠵᠠᠷ ᠢ ᠡᠮᠨᠡᠯᠭᠡ ᠶᠢᠨ ᠳᠠᠭᠠᠳᠬᠠᠯ ᠳᠤ ᠣᠷᠣᠭᠤᠯᠪᠠ
ᠨᠡᠶᠢᠲᠡᠯᠡᠭᠰᠡᠨ ᠴᠠᠭ᠄
2024/3/4
     ᠡᠨᠡ ᠵᠢᠯ ᠤᠨ 1 ᠰᠠᠷ᠎ᠠ ᠶᠢᠨ 1᠎ ᠤ ᠡᠳᠦᠷ᠂ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠷᠭᠡ ᠳᠥᠷᠪᠡᠨ ᠰᠠᠯᠠᠭ᠎ᠠ ᠮᠥᠴᠢᠷ ᠲᠠᠢ ᠬᠠᠮᠲᠤᠷᠠᠨ ︽ᠡᠮ ᠡᠮᠨᠡᠯᠭᠡ ᠶᠢᠨ ᠲᠠᠭᠠᠳᠬᠠᠯ ᠤᠨ ᠭᠠᠷᠲᠠᠨ ᠬᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠤᠯᠠᠮ ᠴᠢᠨᠠᠬᠰᠢᠳᠠ ᠰᠢᠯᠢᠳᠡᠭᠵᠢᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾᠎ ᠢ ᠨᠡᠶᠢᠲᠡᠯᠡᠪᠡ᠂ ᠡᠭᠦᠨ ᠳᠤ ᠨᠥᠬᠦᠴᠡᠯ ᠳᠤ ᠨᠡᠶᠢᠴᠡᠬᠦ ᠰᠣᠬᠤᠷ ᠬᠥᠮᠦᠨ ᠤ ᠢᠯᠢᠯᠭᠡ ᠵᠠᠰᠠᠯ ᠢ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠤᠨ᠎ᠠ ᠭᠡᠵᠦ ᠳᠤᠷᠠᠳᠴᠠᠶ᠃      ᠰᠢᠨᠡᠯᠡᠬᠦ ᠠᠴᠠ ᠡᠮᠦᠨ᠎ᠡ ᠪᠤᠭᠤᠲᠤ ᠬᠤᠲᠠ ᠶᠢᠨ ᠰᠣᠬᠤᠷ ᠬᠥᠮᠦᠨ ᠤ ᠢᠯᠢᠯᠭᠡ ᠶᠢᠨ ᠭᠠᠵᠠᠷ ᠤᠨ ᠡᠵᠡᠨ ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠡᠮ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ ᠲᠣᠭᠲᠠᠪᠠ᠃ ᠤᠳᠤᠬᠠᠨ ᠶᠠᠭ ᠡᠮ ᠡᠮᠨᠡᠯᠭᠡ ᠶᠢᠨ ᠳᠠᠭᠠᠳᠬᠠᠯ ᠤᠨ ᠲᠤᠰᠬᠠᠶ ᠰᠦᠯᠵᠢᠶ᠎ᠡ ᠳᠤ ᠵᠠᠯᠭᠠᠨ ᠣᠷᠣᠭᠤᠯᠵᠤ᠂ ᠲᠣᠬᠢᠷᠠᠭᠤᠯᠤᠨ ᠲᠤᠷᠰᠢᠵᠦ ᠪᠠᠶᠢᠨ᠎ᠠ᠂ ᠤᠳᠠᠯ ᠥᠬᠡᠶ ᠬᠤᠲᠠ ᠶᠢᠨ ᠠᠷᠠᠳ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠦᠯᠡᠳᠡᠪᠦᠷᠢ ᠮᠦᠡᠭᠭᠦ ᠪᠠᠷ ᠢᠶᠠᠨ ᠢᠯᠢᠵᠦ ᠨᠤᠬᠤᠯᠠᠬᠤ ᠦᠢᠯᠡᠴᠢᠯᠡᠭᠡ ᠭᠥᠷᠳᠡᠵᠦ ᠪᠣᠯᠤᠨ᠎ᠠ᠃      ᠰᠣᠬᠤᠷ ᠬᠥᠮᠦᠨ ᠤ ᠢᠯᠢᠯᠭᠡ ᠶᠢ ᠡᠷᠡᠭᠦᠯᠵᠢᠯ ᠤᠨ ᠢᠯᠢᠯᠭᠡ ᠪᠠ ᠡᠮᠴᠢᠯᠡᠭᠡᠨ ᠤ ᠢᠯᠢᠯᠭᠡ ᠭᠡᠵᠦ ᠬᠤᠶᠠᠷ ᠵᠦᠢᠯ ᠳᠤ ᠬᠤᠪᠢᠶᠠᠳᠠᠭ᠃ ᠡᠮᠨᠡᠯᠭᠡ ᠶᠢᠨ ᠳᠠᠭᠠᠳᠬᠠᠯ ᠳᠤ ᠣᠷᠣᠭᠤᠯᠵᠤ ᠪᠣᠯᠬᠤ ᠨᠢ ᠵᠥᠪᠬᠡᠨ ᠰᠣᠬᠤᠷ ᠬᠥᠮᠦᠨ ᠤ ᠡᠮᠴᠢᠯᠡᠭᠡᠨ ᠤ ᠢᠯᠢᠯᠭᠡ ᠪᠣᠯᠤᠨ᠎ᠠ᠃ ᠰᠣᠬᠤᠷ ᠬᠥᠮᠦᠨ ᠤ ᠡᠮᠴᠢᠯᠡᠭᠡᠨ ᠤ ᠢᠯᠢᠯᠭᠡ ᠪᠣᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢᠨ ᠨᠢᠭᠡ ᠵᠦᠢᠯ ᠤᠨ ᠨᠥᠬᠦᠪᠥᠷᠢ ᠪᠤᠯᠬᠤ ᠶᠤᠮ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号