2024 ᠣᠨ ᠤ 2 ᠰᠠᠷ᠎ᠠ ᠶᠢᠨ 24 ᠤ ᠡᠳᠦᠷ᠂ ᠵᠢᠥ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠵᠢᠥ ᠶᠤᠸᠠᠨ ᠲᠣᠭᠤᠷᠢᠭ ᠤᠨ ᠴᠠᠭᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠤᠨ ᠡᠳᠦᠷ ᠤᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭᠠᠨ ᠤ ᠵᠡᠭᠡᠯᠢ | ᠭᠤᠳᠤᠮᠵᠢ ᠶᠢᠨ ᠲᠣᠭᠯᠠᠯᠲᠠ ᠶᠢᠨ ᠠᠬᠤᠢ ᠲᠠᠯᠠᠪᠠᠢ ᠳᠤ ᠲᠣᠭᠤᠷᠢᠨ ᠴᠠᠭᠳᠠᠬᠤ ᠡᠭᠦᠷᠭᠡ ᠶᠢ ᠭᠦᠢᠴᠡᠳᠬᠡᠬᠦ ᠳᠡᠭᠡᠨ᠂ | ᠤᠯᠠᠨ ᠲᠦᠮᠡᠨ ᠤ ᠲᠤᠰᠠᠯᠠᠮᠵᠢ ᠭᠤᠶᠤᠭᠰᠠᠨ ᠢ ᠲᠤᠰᠴᠤ᠂ 2 ᠬᠡᠦᠬᠡᠳ ᠲᠣᠭᠯᠠᠯᠲᠠ ᠦᠵᠡᠬᠦ ᠳᠡᠭᠡᠨ ᠭᠡᠷ ᠤᠨ | ᠬᠥᠮᠦᠰ ᠲᠠᠢ ᠪᠠᠨ ᠰᠠᠯᠵᠤ ᠶᠠᠪᠤᠪᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠭᠦᠨ ᠢ ᠬᠠᠪᠰᠤᠷᠤᠨ ᠭᠡᠷ ᠤᠨ | ᠬᠥᠮᠦᠰ ᠲᠠᠢ ᠬᠠᠷᠢᠯᠴᠠᠬᠤ ᠶᠢ ᠬᠦᠰᠡᠵᠦ ᠪᠠᠶᠢᠨ᠎ᠠ᠃ | | | | | | ︽ᠬᠥᠮᠦᠨ ᠡᠷᠢᠬᠦ︾ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ | ᠴᠠᠭᠳᠠᠭᠠᠨ ᠤ ᠶᠡᠭᠡ ᠠᠩᠭᠢ ᠪᠣᠯᠤᠨ ᠠᠬ᠎ᠠ ᠳᠡᠭᠦᠦ ᠴᠠᠭᠳᠠᠭᠠᠨ ᠤ ᠲᠥᠷᠥᠯ ᠲᠡᠷᠡ ᠳᠠᠷᠤᠶ ᠳᠤᠨᠢ ᠲᠠᠷᠠᠬᠠᠢ ᠪᠤᠲᠠᠷᠬᠠᠢ | ᠭᠠᠵᠠᠷ ᠤᠨ ᠡᠷᠬᠢᠨ ᠲᠣᠭᠤᠷᠢᠨ ᠳᠤ ᠲᠣᠭᠤᠷᠢᠨ ᠪᠠᠶᠢᠴᠠᠭᠠᠯᠲᠠ ᠬᠢᠵᠦ᠂ 2 ᠬᠡᠤᠬᠡᠳ ᠢ ᠬᠠᠷᠠᠭᠠᠯᠵᠠᠬᠤ ᠬᠥᠮᠦᠨ | ᠥᠬᠡᠶ ᠪᠠᠶᠢᠬᠤ ᠶᠢ ᠣᠯᠵᠤ ᠮᠡᠳᠡᠪᠡᠯ᠂ ᠯᠠᠪᠯᠠᠨ ᠠᠰᠠᠭᠤᠬᠤ ᠪᠠᠷ ᠳᠡᠮᠵᠢᠨ ᠬᠡᠷ ᠤᠨ ᠠᠬᠠᠮᠠᠳ ᠤᠨ ᠮᠡᠳᠡᠭᠡ ᠵᠠᠩᠭᠢ ᠶᠢ | ᠣᠯᠤᠭᠰᠠᠨ ᠪᠠ ᠬᠠᠷᠢᠯᠴᠠᠵᠤ᠂ ᠬᠠᠷᠭᠤᠭᠤᠯᠤᠭᠰᠠᠨ ᠤ ᠳᠠᠷᠠᠭ᠎ᠠ᠂ ᠡᠴᠦᠰ ᠲᠡᠭᠡᠨ ᠬᠥᠨᠳᠡᠯᠡᠨ ᠵᠡᠭᠡᠯᠢ ᠪᠠ ᠪᠣᠰᠤᠭ᠎ᠠ | ᠵᠡᠭᠡᠯᠢ ᠶᠢᠨ ᠠᠭᠤᠯᠵᠠᠷ ᠲᠤ ᠬᠦᠷᠴᠦ᠂ 2 ᠬᠡᠤᠬᠡᠳ ᠢ ᠬᠠᠪᠰᠤᠷᠤᠨ ᠬᠡᠷ ᠤᠨ ᠠᠬᠠᠮᠠᠳ ᠢ ᠡᠷᠢᠨ ᠣᠯᠵᠤ᠂ ᠠᠮᠤᠷ | ᠲᠦᠪᠰᠢᠨ ᠢᠶᠠᠷ ᠬᠡᠤᠬᠡᠳ ᠢ ᠬᠡᠷ ᠤᠨ ᠠᠬᠠᠮᠠᠳ ᠤᠨ ᠭᠠᠷ ᠲᠤ ᠲᠤᠰᠢᠶᠠᠪᠠ᠃ |