ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠪᠠ ᠲᠦᠷᠦ ᠶᠢᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠠᠷᠢᠶ᠎ᠠ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ | ᠰᠢᠯᠢᠳᠡᠭᠵᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠲᠠᠷᠢᠶᠠᠯᠠᠩ ᠤᠨ ᠪᠦᠲᠦᠴᠡ ᠶᠢᠨ ᠲᠤᠬᠢᠷᠡᠭᠤᠯᠦᠯᠳᠠ ᠪᠠ ᠠᠮᠢ ᠠᠬᠤᠶ ᠶᠢᠨ ᠬᠠᠮᠠᠭᠠᠯᠠᠯᠲᠠ ᠶᠢ | ᠲᠦᠯᠬᠢᠠ ᠠᠬᠢᠭᠤᠯᠤᠨ᠎ᠠ᠃ | ︵ᠲᠦᠷᠪᠡ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ | ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ | ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︵ᠲᠠᠪᠤ︶ ᠨᠡᠶᠢᠭᠡᠮ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠨ᠎ᠠ᠃ | ︵ᠵᠢᠷᠭᠤᠭ᠎ᠠ︶ ᠲᠠᠷᠢᠶᠠᠴᠢᠳ ᠲᠤ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ | ᠬᠠᠩᠭᠠᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠢ ᠬᠠᠪᠰᠤᠷᠤᠨ ᠰᠢᠯᠵᠢᠭᠦᠯᠦᠨ᠎ᠡ᠃ | ︵ᠳᠣᠯᠤᠭ᠎ᠠ︶ ᠰᠣᠶᠣᠯ ᠡᠮᠴᠢᠯᠡᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ | ᠥᠷᠨᠢᠭᠦᠯᠦᠨ᠎ᠡ᠃ | ︵ᠨᠠᠢᠮᠠ︶ ᠬᠠᠷᠢᠶ᠎ᠠ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠠᠬᠢᠭᠤᠯᠤᠨ᠎ᠠ᠃ | ︵ᠶᠢᠰᠦ︶ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠵᠢᠴᠢ ᠬᠦᠷᠢᠶᠡᠯᠡᠩ | ᠲᠣᠭᠤᠷᠢᠭ ᠤᠨ ᠠᠵᠢᠯ ᠢ ᠵᠢᠯᠣᠭᠤᠳᠬᠤ ᠪᠠᠨ ᠴᠢᠩᠭᠠᠳᠬᠠᠨ᠎ᠠ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠠᠵᠢᠯ ᠤᠳ ᠢ ᠡᠭᠦᠷᠭᠡᠯᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ᠳᠡᠭᠡᠷᠡᠬᠢ ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠵᠢᠤ ᠶᠤᠸᠠᠨ ᠲᠣᠭᠤᠷᠢᠭ ᠤᠨ ᠪᠠᠶᠠᠨᠰᠢᠯᠢ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠮ ᠵᠠᠰᠠᠭ ᠤᠨ ᠪᠠᠶᠢᠭᠤᠯᠤᠮᠵᠢ 5 ᠲᠣᠬᠢᠷᠠᠭᠤᠯᠵᠤ᠂ ᠠᠵᠢᠯ | ᠦᠢᠯᠡᠰ ᠤᠨ ᠨᠢᠭᠡᠴᠡ 2 ᠲᠤᠬᠢᠷᠠᠭᠤᠯᠤᠨ᠎ᠠ᠄ | ︵ᠨᠢᠭᠡ︶ ᠨᠠᠮ ᠵᠠᠰᠠᠭ ᠤᠨ ᠪᠠᠶᠢᠭᠤᠯᠤᠮᠵᠢ ︵ᠨᠡᠶᠢᠳᠡ 5 ᠪᠤᠢ︶ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ | ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠳᠤᠮ ᠤᠨ ᠠᠵᠢᠯᠯᠠᠭᠠᠨ ᠪᠠ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ | ᠭᠠᠵᠠᠷ ᠤᠨ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠠᠵᠢᠯ ᠢ | ᠬᠠᠷᠢᠭᠤᠴᠠᠨ᠎ᠠ᠃ ᠴᠢᠬᠤᠯᠠ ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ | ᠲᠡᠭᠦᠨ ᠳᠤ ᠦᠢᠯᠡᠴᠢᠯᠡᠬᠦ ᠠᠵᠢᠯ᠂ ᠲᠤᠰ ᠭᠠᠵᠠᠷ ᠣᠷᠣᠨ ᠤ ᠴᠢᠬᠤᠯᠠ ᠮᠡᠳᠡᠭᠡ ᠵᠠᠩᠭᠢ᠂ ᠪᠠᠶᠢᠳᠠᠯ ᠢ | ᠬᠥᠳᠡᠯᠦᠩᠭᠦᠢ ᠪᠠᠷ ᠴᠤᠭᠯᠠᠭᠤᠯᠤᠨ ᠵᠠᠳᠠᠯᠵᠤ᠂ ᠡᠮᠬᠢᠳᠬᠡᠵᠦ᠂ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ | ᠭᠠᠵᠠᠷ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ | ᠦᠢᠯᠡᠴᠢᠯᠡᠭᠡ ᠬᠠᠩᠭᠠᠨ᠎ᠠ᠃ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠵᠢᠴᠢ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ | ᠵᠢᠯᠣᠭᠤᠳᠬᠤ᠂ ᠰᠢᠪᠠᠳᠠᠨ ᠨᠠᠶᠢᠳᠠᠪᠤᠷᠢᠵᠢᠭᠤᠯᠬᠤ ᠵᠢᠴᠢ ᠭᠠᠵᠠᠷ ᠣᠷᠣᠨ ᠤ ᠥᠭᠡᠷᠡᠴᠢᠯᠡᠯᠲᠡ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ | ᠬᠡᠷ ᠤᠨ ᠠᠵᠢᠯ ᠢ ᠡᠭᠦᠷᠭᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠲᠣᠬᠢᠷᠠᠭᠤᠯᠤᠭᠰᠠᠨ ᠬᠠᠮᠢᠶ᠎ᠠ ᠠᠵᠢᠯ ᠢ | ᠬᠦᠢᠴᠡᠳᠭᠡᠨ᠎ᠡ᠃ ᠨᠠᠮ ᠤᠨ ᠠᠵᠢᠯᠯᠠᠬᠤ ᠬᠤᠷᠢᠶ᠎ᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ᠠᠵᠢᠯ ᠢ ᠭᠦᠢᠴᠡᠳᠬᠡᠬᠦ ᠶᠢ ᠬᠠᠷᠢᠭᠤᠴᠠᠵᠤ᠂ ︽ᠭᠤᠷᠪᠠᠨ ᠶᠠᠪᠤᠳᠠᠯ︾ ᠢ ᠢᠯᠡ | ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ | ᠪᠦᠬᠦᠢ ᠠᠵᠢᠯ ᠢ ᠵᠣᠬᠢᠴᠠᠭᠤᠯᠤᠨ ᠨᠢᠭᠡᠳᠦᠯᠲᠡᠢ ᠲᠥᠯᠥᠪᠵᠢᠭᠦᠯᠦᠨ᠎ᠡ᠃ ᠵᠡᠭᠡᠯᠢ ᠭᠤᠳᠤᠮᠵᠢ ᠶᠢᠨ ᠵᠣᠬᠢᠶᠠᠨ | ᠪᠠᠶᠢᠭᠤᠯᠵᠤ ᠬᠡᠷᠡᠭᠵᠢᠭᠦᠯᠦᠭᠰᠡᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ᠃ ᠬᠡᠷᠡᠭ ᠶᠠᠪᠤᠳᠠᠯ᠂ | ᠲᠠᠩᠰᠠ ᠡᠪᠬᠡᠮᠡᠯ ᠵᠢᠴᠢ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠪᠠᠶᠢᠭᠤᠯᠭ᠎ᠠ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠨᠠᠮ ᠤᠨ ᠠᠵᠢᠯᠯᠠᠬᠤ ᠬᠤᠷᠢᠶ᠎ᠠ᠂ | ᠬᠡᠷᠡᠭ ᠡᠷᠬᠢᠯᠡᠬᠦ ᠭᠠᠵᠠᠷ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ | ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠠᠷᠢᠭᠤᠴᠠᠵᠤ᠂ | ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤᠬᠠᠭᠤᠯᠭ᠎ᠠ ᠪᠠ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠢ ᠨᠢᠭᠡᠳᠦᠯᠲᠡᠢ ᠲᠥᠯᠥᠪᠯᠡᠬᠦ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ | ᠬᠠᠷᠢᠭᠤᠴᠠᠨ᠎ᠠ᠃ ᠭᠠᠵᠠᠷ ᠣᠷᠣᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠵᠢᠴᠢ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠨᠠᠮ ᠤᠨ ᠠᠵᠢᠯᠯᠠᠬᠤ ᠬᠤᠷᠢᠶ᠎ᠠ ᠪᠠ | ᠳᠡᠭᠡᠳᠦ ᠱᠠᠲᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠤᠳ ᠢ ᠬᠠᠷᠢᠭᠤᠴᠠᠨ ᠪᠡᠶᠡᠯᠡᠭᠦᠯᠦᠨ᠎ᠡ᠃ | 3. ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠬᠡᠷ ᠤᠨ ᠫᠠᠶᠢᠰᠠ ᠶᠢ ᠡᠯᠭᠦᠨ᠎ᠡ︶ | ᠭᠤᠤᠯ ᠡᠭᠦᠷᠭᠡ ᠬᠠᠷᠢᠭᠤᠴᠠᠯᠭ᠎ᠠ᠄ ᠬᠠᠷᠢᠶᠠᠲᠤ ᠣᠷᠣᠨ ᠤ ᠳᠣᠲᠣᠷᠠᠬᠢ ᠵᠢᠵᠢᠭ ᠲᠣᠭᠤᠷᠢᠭ ᠤᠨ ᠠᠳᠠᠯ | ᠠᠬᠤᠶ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠬᠤᠲᠠ | ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ | ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ | ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ᠃ ᠬᠠᠭᠤᠴᠢᠨ ᠵᠢᠵᠢᠭ | ᠲᠣᠭᠤᠷᠢᠭ ᠢ ᠴᠡᠭᠴᠡᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ | ᠠᠵᠢᠯ ᠢ ᠬᠠᠮᠵᠢᠨ ᠥᠷᠨᠢᠭᠦᠯᠦᠨ᠎ᠡ᠃ ᠬᠠᠷᠢᠶᠠᠲᠤ ᠣᠷᠣᠨ ᠤ ᠪᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ | ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠬᠥᠮᠦᠰ ᠤᠨ ᠣᠷᠣᠨ ᠰᠠᠭᠤᠴᠠ ᠶᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ᠂ ᠤᠢ ᠰᠢᠭᠤᠶ᠂ ᠮᠠᠯ ᠠᠵᠤ | ᠠᠬᠤᠶ᠂ ᠤᠰᠤ ᠵᠡᠷᠭᠡ ᠬᠦᠷᠢᠶᠡᠨ ᠳᠠᠬᠢ ᠲᠧᠭᠨᠢᠭ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ | ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ | ᠃ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ | ᠬᠠᠷᠢᠭᠤᠴᠠᠨ᠎ᠠ᠃ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠵᠠᠰᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ︽ᠭᠤᠷᠪᠠᠨ | ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠮᠠᠯᠴᠢᠨ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠵᠢᠴᠢ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ | ᠪᠡᠶᠡᠯᠡᠭᠦᠯᠦᠨ᠎ᠡ᠃ | 4.ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ | ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠪᠡᠶ᠎ᠡ ᠶᠢᠨ ᠲᠠᠮᠢᠷ᠂ ᠰᠤᠷᠭᠠᠨ ᠬᠥᠮᠦᠵᠢᠯ | ᠪᠠ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠬᠥᠳᠡᠯᠮᠦᠷᠢ ᠠᠵᠢᠯ ᠣᠯᠭᠤᠯᠲᠠ᠂ | ᠨᠡᠶᠢᠭᠡᠮ ᠤᠨ ᠪᠠᠲᠤᠯᠠᠭ᠎ᠠ᠂ ᠬᠥᠮᠦᠨ ᠠᠮᠠ ᠶᠢᠨ ᠬᠠᠮᠢᠶᠠᠷᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ | ᠃ | 5. ᠠᠮᠤᠷ ᠲᠦᠪᠰᠢᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ | ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠠᠷᠠᠳ ᠤᠨ ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ᠂ ᠲᠣᠣᠷᠯᠢᠭ | ᠠᠵᠢᠯ ᠢ ᠬᠠᠷᠢᠭᠤᠴᠠᠨ᠎ᠠ᠃ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠵᠢᠴᠢ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠬᠤᠶᠠᠷ︶ ᠠᠵᠢᠯ ᠦᠢᠯᠡᠰ ᠤᠨ ᠨᠢᠭᠡᠴᠡ ︵ᠨᠡᠶᠢᠲᠡ 2︶ | 1. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠵᠡᠭᠡᠯᠢ ᠭᠤᠳᠤᠮᠵᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠡᠭᠡᠯᠢ ᠭᠤᠳᠤᠮᠵᠢ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ | ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠰᠢᠢᠳᠬᠡᠯ ᠢᠶᠠᠷ ᠰᠢᠢᠳᠬᠦ ᠡᠷᠬᠡ ᠢᠶᠠᠷ ᠪᠥᠬᠦᠶ ᠰᠠᠯᠠᠭ᠎ᠠ ᠮᠥᠴᠢᠷ ᠢ | ᠬᠠᠮᠵᠢᠨ ᠬᠤᠪᠢ ᠪᠠᠷ ᠢᠶᠠᠨ ᠰᠠᠭᠤᠵᠤ ᠳᠤᠷ᠎ᠠ ᠪᠠᠷ ᠢᠶᠠᠨ ᠪᠠᠶᠢᠭᠤᠯᠬᠤ᠂ ᠭᠤᠤᠯᠳᠠᠯᠭ᠎ᠠ ᠲᠠᠢ ᠵᠡᠭᠡᠯᠢ ᠭᠤᠳᠤᠮᠵᠢ ᠶᠢᠨ | ᠬᠤᠶᠠᠷ ᠬᠠᠵᠠᠭᠤ ᠪᠠᠷ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠨᠡᠭᠦᠳᠡᠯ ᠳᠡᠯᠭᠡᠭᠦᠷᠴᠢᠨ ᠪᠠ | ᠵᠠᠮ ᠡᠵᠡᠯᠡᠨ ᠡᠵᠡᠩᠨᠡᠬᠦ ᠵᠡᠷᠭᠡ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠠᠮᠢᠶ᠎ᠠ | ᠪᠥᠬᠦᠶ ᠰᠠᠯᠠᠭ᠎ᠠ ᠮᠥᠴᠢᠷ ᠢ ᠬᠠᠮᠵᠢᠨ ᠵᠠᠬ᠎ᠠ ᠳᠡᠯᠭᠡᠭᠦᠷ ᠤᠨ ᠬᠢᠨᠠᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠲᠠᠯ᠎ᠠ ᠶᠢᠨ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ | ᠠᠮᠢ ᠠᠬᠤᠶ ᠶᠢᠨ ᠣᠷᠴᠢᠨ ᠲᠣᠭᠤᠷᠢᠨ ᠤ ᠲᠠᠯ᠎ᠠ ᠪᠠᠷ ᠬᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠦᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ ᠭᠤᠤᠯ ᠤᠨ ᠵᠠᠮ ᠤᠨ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ | ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ | ᠪᠡᠶᠡᠯᠡᠭᠦᠯᠦᠨ᠎ᠡ᠃ | 2. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶ | ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ | ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ | ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠷᠠᠳ ᠲᠤ ᠲᠥᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠴᠡᠷᠢᠭ ᠠᠴᠠ ᠬᠠᠯᠠᠭᠳᠠᠭᠰᠠᠳ ᠤᠨ | ᠶᠡᠷᠦᠩᠬᠡᠶᠢᠯᠡᠭᠰᠡᠨ ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ | ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠢ ᠬᠠᠮᠵᠢᠨ ᠦᠨᠳᠦᠰᠦᠨ ᠱᠠᠲᠤ ᠶᠢ | ᠵᠣᠯᠭᠠᠭᠤᠯᠬᠤ ᠪᠤᠰᠤᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ᠃ ᠨᠠᠮ ᠤᠨ | ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ᠂ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ | ᠭᠠᠵᠠᠷ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ | ᠬᠠᠷᠢᠭᠤᠴᠠᠨ ᠪᠡᠶᠡᠯᠡᠭᠦᠯᠦᠨ᠎ᠡ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠪᠣᠯᠪᠠᠰᠤᠨ ᠬᠤᠶᠢᠲᠤ | ᠵᠠᠮ ᠤᠨ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠠᠵᠢᠯ ᠤᠨ ᠤᠲᠠᠰᠤ᠄ 0472 — 7168310 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ | ᠦᠳᠡ ᠶᠢᠨ ᠡᠮᠦᠨᠡᠬᠢ 8᠄ 30 — 12᠄ 00 | ᠦᠳᠡ ᠶᠢᠨ ᠬᠤᠶᠢᠨ᠎ᠠ 14᠄ 30 — 17᠄ 30 | ᠬᠠᠷᠢᠭᠤᠴᠠᠯᠭᠠᠲᠠᠨ᠄ ᠾᠧ ᡁᠢ ᠴᠢᠶᠠᠩ | | |