ᠡᠨᠡ ᠵᠢᠯ ᠤᠨ 1 ᠰᠠᠷ᠎ᠠ ᠶᠢᠨ 1 ᠤ ᠡᠳᠦᠷ᠂ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠷᠭᠡ ᠳᠥᠷᠪᠡᠨ ᠰᠠᠯᠠᠭ᠎ᠠ ᠮᠥᠴᠢᠷ ᠲᠠᠢ ᠬᠠᠮᠲᠤᠷᠠᠨ ︽ᠡᠮ | ᠡᠮᠨᠡᠯᠭᠡ ᠶᠢᠨ ᠲᠠᠭᠠᠳᠬᠠᠯ ᠤᠨ ᠭᠠᠷᠲᠠᠨ ᠬᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠤᠯᠠᠮ ᠴᠢᠨᠠᠬᠰᠢᠳᠠ | ᠰᠢᠯᠢᠳᠡᠭᠵᠢᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠢ | ᠨᠡᠶᠢᠲᠡᠯᠡᠪᠡ᠂ ᠡᠭᠦᠨ ᠳᠤ ᠨᠥᠬᠦᠴᠡᠯ ᠳᠤ ᠨᠡᠶᠢᠴᠡᠬᠦ ᠰᠣᠬᠤᠷ ᠬᠥᠮᠦᠨ ᠤ ᠢᠯᠢᠯᠭᠡ ᠵᠠᠰᠠᠯ ᠢ ᠡᠮ ᠡᠮᠨᠡᠯᠭᠡ ᠶᠢᠨ | ᠳᠠᠭᠠᠳᠬᠠᠯ ᠳᠤ ᠣᠷᠣᠭᠤᠯᠤᠨ᠎ᠠ ᠭᠡᠵᠦ ᠳᠤᠷᠠᠳᠴᠠᠶ᠃ | ᠰᠢᠨᠡᠯᠡᠬᠦ ᠠᠴᠠ ᠡᠮᠦᠨ᠎ᠡ ᠪᠤᠭᠤᠲᠤ ᠬᠤᠲᠠ ᠶᠢᠨ ᠰᠣᠬᠤᠷ ᠬᠥᠮᠦᠨ ᠤ ᠢᠯᠢᠯᠭᠡ ᠶᠢᠨ ᠭᠠᠵᠠᠷ ᠤᠨ ᠡᠵᠡᠨ | ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠡᠮ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ | ᠲᠣᠭᠲᠠᠪᠠ᠃ ᠤᠳᠤᠬᠠᠨ ᠶᠠᠭ ᠡᠮ ᠡᠮᠨᠡᠯᠭᠡ ᠶᠢᠨ ᠳᠠᠭᠠᠳᠬᠠᠯ ᠤᠨ ᠲᠤᠰᠬᠠᠶ ᠰᠦᠯᠵᠢᠶ᠎ᠡ ᠳᠤ ᠵᠠᠯᠭᠠᠨ ᠣᠷᠣᠭᠤᠯᠵᠤ᠂ | ᠲᠣᠬᠢᠷᠠᠭᠤᠯᠤᠨ ᠲᠤᠷᠰᠢᠵᠦ ᠪᠠᠶᠢᠨ᠎ᠠ᠂ ᠤᠳᠠᠯ ᠥᠬᠡᠶ ᠬᠤᠲᠠ ᠶᠢᠨ ᠠᠷᠠᠳ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠦᠯᠡᠳᠡᠪᠦᠷᠢ ᠮᠦᠡᠭᠭᠦ ᠪᠠᠷ ᠢᠶᠠᠨ ᠢᠯᠢᠵᠦ ᠨᠤᠬᠤᠯᠠᠬᠤ ᠦᠢᠯᠡᠴᠢᠯᠡᠭᠡ ᠭᠥᠷᠳᠡᠵᠦ ᠪᠣᠯᠤᠨ᠎ᠠ᠃ | ᠰᠣᠬᠤᠷ ᠬᠥᠮᠦᠨ ᠤ ᠢᠯᠢᠯᠭᠡ ᠶᠢ ᠡᠷᠡᠭᠦᠯᠵᠢᠯ ᠤᠨ ᠢᠯᠢᠯᠭᠡ ᠪᠠ ᠡᠮᠴᠢᠯᠡᠭᠡᠨ ᠤ ᠢᠯᠢᠯᠭᠡ ᠭᠡᠵᠦ ᠬᠤᠶᠠᠷ | ᠵᠦᠢᠯ ᠳᠤ ᠬᠤᠪᠢᠶᠠᠳᠠᠭ᠃ ᠡᠮᠨᠡᠯᠭᠡ ᠶᠢᠨ ᠳᠠᠭᠠᠳᠬᠠᠯ ᠳᠤ ᠣᠷᠣᠭᠤᠯᠵᠤ ᠪᠣᠯᠬᠤ ᠨᠢ ᠵᠥᠪᠬᠡᠨ ᠰᠣᠬᠤᠷ ᠬᠥᠮᠦᠨ ᠤ | ᠡᠮᠴᠢᠯᠡᠭᠡᠨ ᠤ ᠢᠯᠢᠯᠭᠡ ᠪᠣᠯᠤᠨ᠎ᠠ᠃ ᠰᠣᠬᠤᠷ ᠬᠥᠮᠦᠨ ᠤ ᠡᠮᠴᠢᠯᠡᠭᠡᠨ ᠤ ᠢᠯᠢᠯᠭᠡ ᠪᠣᠯ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠶᠢᠨ ᠨᠢᠭᠡ ᠵᠦᠢᠯ ᠤᠨ ᠨᠥᠬᠦᠪᠥᠷᠢ ᠪᠤᠯᠬᠤ ᠶᠤᠮ᠃ |