ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠯᠠᠭᠤᠨ ᠳᠣᠲᠣᠨᠣ ︽ᠠᠵᠢᠯᠯᠠᠭ᠎ᠠ︾— ᠪᠡᠶ᠎ᠡ ᠶᠢᠨ ᠲᠠᠮᠢᠷ ᠦᠭᠡᠶ ᠨᠠᠰᠤᠲᠠᠶᠢᠴᠤᠳ ᠲᠤ ᠲᠤᠰᠠ ᠪᠣᠯᠵᠣ ᠬᠠᠪᠰᠤᠷᠪᠠ
ᠨᠡᠶᠢᠲᠡᠯᠡᠭᠰᠡᠨ ᠴᠠᠭ᠄
2024/3/5
    2024 ᠣᠨ ᠤ 2 ᠰᠠᠷ᠎ᠠ ᠶᠢᠨ 24᠎ ᠤ ᠡᠳᠦᠷ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠬᠢ ᠵᠢᠦ ᠶᠤᠸᠠᠨ ᠲᠣᠭᠤᠷᠢᠭ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢᠨ ᠵᠡᠭᠡᠯᠢ ᠳᠡᠭᠡᠷ᠎ᠡ ᠲᠤᠬᠠᠢ ᠶᠢᠨ ᠲᠠᠯᠠᠪᠠᠢ ᠶᠢᠨ ᠠᠮᠤᠷ ᠢ ᠬᠠᠮᠠᠭᠠᠯᠠᠬᠤ ᠡᠭᠦᠷᠭᠡ ᠶᠢ ᠲᠣᠭᠯᠠᠬᠤ ᠳᠠᠭᠠᠨ᠂ ᠳᠠᠯᠠ ᠭᠠᠷᠤᠭᠰᠠᠨ ᠨᠢᠭᠡ ᠨᠠᠰᠤᠲᠠᠨ ᠤ ᠴᠢᠷᠠᠢ ᠶᠢᠨ ᠦᠩᠬᠡ ᠮᠠᠭᠤᠬᠠᠢ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠢ ᠳᠤᠨᠢ ᠠᠪᠤᠷᠠᠨ ᠲᠤᠰᠠᠯᠠᠬᠤ ᠶᠢ ᠯᠠᠪᠯᠠᠨ ᠠᠰᠠᠭᠤᠪᠠ᠃
C:\Users\Administrator\Desktop\新闻照片\图片1.jpg
    ᠯᠠᠪᠯᠠᠨ ᠠᠰᠠᠭᠤᠬᠤ ᠪᠠᠷ ᠳᠡᠮᠵᠢᠨ ᠣᠯᠵᠤ ᠮᠡᠳᠡᠭᠰᠡᠨ ᠨᠢ᠂ ᠳᠠᠯᠠ ᠭᠠᠷᠤᠭᠰᠠᠨ ᠨᠠᠰᠤᠲᠠᠨ ᠲᠣᠭᠯᠠᠯᠲᠠ ᠦᠵᠡᠬᠦ ᠶᠠᠪᠤᠴᠠ ᠳᠠᠭᠠᠨ ᠭᠡᠨᠡᠳᠲᠡ ᠪᠡᠶ᠎ᠡ ᠨᠢ ᠡᠪ ᠥᠬᠡᠶ ᠪᠣᠯᠵᠣ᠂ ᠬᠥᠮᠦᠰ ᠤᠨ ᠳᠤᠮᠳᠠ ᠠᠮᠢᠰᠬᠤᠯ ᠴᠢᠬᠤᠯᠳᠠᠨ᠂ ᠲᠣᠯᠣᠭᠠᠶ ᠡᠷᠭᠢᠵᠦ᠂ ᠬᠡᠷ ᠤᠨ ᠬᠥᠮᠦᠰ ᠨᠢ ᠪᠠᠷ᠎ᠠ ᠪᠣᠯᠵᠣ ᠪᠠᠶᠢᠭᠰᠠᠨ ᠪᠣᠯᠪᠠᠴᠤ ᠲᠣᠭᠯᠠᠯᠲᠠ ᠦᠵᠡᠬᠦ ᠬᠥᠮᠦᠨ ᠨᠢ ᠬᠡᠲᠦ ᠣᠯᠠᠨ ᠪᠣᠯᠤᠭᠰᠠᠨ ᠠᠴᠠ ᠲᠣᠭᠯᠠᠯᠲᠠ ᠦᠵᠡᠬᠦ ᠲᠣᠭᠤᠷᠢᠭ ᠠᠴᠠ ᠪᠠᠨ ᠰᠠᠯᠵᠤ ᠴᠢᠳᠠᠬᠤ ᠥᠬᠡᠶ ᠪᠣᠯᠵᠠᠶ᠃ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ ᠲᠡᠷᠡ ᠳᠠᠷᠤᠶ ᠳᠤᠨᠢ ᠴᠠᠭᠳᠠᠨ ᠰᠡᠷᠭᠡᠶᠢᠯᠡᠬᠦ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠤᠷᠢᠳᠴᠢᠯᠠᠨ ᠭᠠᠷᠭᠠᠭᠰᠠᠨ ᠣᠷᠣᠵᠤ ᠭᠠᠷᠬᠤ ᠭᠠᠵᠠᠷ ᠠᠴᠠ ᠨᠠᠰᠤᠲᠠᠨ ᠢ ᠭᠡᠷ ᠪᠦᠯᠢ ᠶᠢᠨ ᠬᠢᠨ ᠳᠤ ᠠᠮᠤᠷ ᠲᠦᠪᠰᠢᠨ ᠢᠶᠠᠷ ᠬᠦᠷᠭᠡᠵᠦ ᠥᠭᠴᠡᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号