ᠬᠤᠶᠠᠷᠬᠤᠳᠳᠤᠭ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/8
     ᠬᠠᠷᠢᠶᠠᠲᠤ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷᠢᠶᠠᠲᠤ ᠣᠷᠣᠨ ᠤ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠷᠪᠢᠨ ᠤ ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
C:\Users\Administrator\Desktop\新闻照片\图片1.jpg
     ᠲᠣᠰ ᠤᠳᠠᠭᠠᠨ ᠤ ᠪᠠᠶᠢᠴᠠᠭᠠᠯᠲᠠ ᠨᠢ ᠡᠭᠦᠳᠡᠨ ᠳᠡᠯᠭᠡᠭᠦᠷ ᠳᠣᠲᠣᠷᠠᠬᠢ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠢᠴᠢ ᠬᠡᠷᠡᠭᠯᠡᠯᠲᠡ ᠶᠢᠨ ᠪᠠᠶᠢᠳᠠᠯ᠂ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠳᠡᠯᠭᠡᠭᠦᠷ ᠤᠨ ᠡᠵᠡᠨ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠨ᠎ᠠ᠃
C:\Users\Administrator\Desktop\新闻照片\图片2.jpg
     ᠲᠠᠷᠠᠭᠠᠴᠢ ᠶᠢᠨ ᠠᠯᠬᠤᠮ ᠳᠤ᠂ᠬᠤᠶᠠᠷᠬᠤᠳᠳᠤᠭ ᠤᠨ ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号