︽ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠴᠠᠭᠳᠠᠭ᠎ᠠ ᠬᠤᠯᠪᠣᠭᠠᠯᠠᠨ ᠭᠦᠳᠡᠯᠤᠯᠴᠡᠨ᠎ᠡ︾ ᠵᠠᠮ ᠡᠵᠡᠯᠡᠭᠰᠡᠨ ᠲᠡᠷᠭᠡ ᠶᠢ ᠬᠦᠴᠦ ᠪᠠᠨ ᠬᠠᠮᠲᠤᠳᠬᠠᠨ ᠴᠡᠪᠡᠷᠯᠡᠨ᠎ᠡ
ᠨᠡᠶᠢᠲᠡᠯᠡᠭᠰᠡᠨ ᠴᠠᠭ᠄
2024/4/10
    ᠣᠶᠢᠷ᠎ᠠ ᠶᠢᠨ ᠬᠤᠭᠤᠴᠠᠭᠠᠨ ᠳᠤ᠂ ᠵᠠᠷᠢᠮ ᠬᠤᠲᠠ ᠶᠢᠨ ᠠᠷᠠᠳ ᠤᠨ ᠲᠤᠰᠬᠠᠭᠰᠠᠨ ᠢᠶᠠᠷ᠂ ᠰᠠᠶᠢᠬᠠᠨ ᠲᠠᠯ᠎ᠠ ᠬᠤᠲᠠ ᠶᠢᠨ ᠲᠠᠯ᠎ᠠ ᠨᠤᠲᠤᠭ ᠤᠨ ᠰᠢᠨ᠎ᠡ ᠪᠠᠷᠠᠭᠤᠨ ᠡᠭᠦᠳᠡᠨ ᠤ ᠣᠶᠢᠷ᠎ᠠ ᠬᠠᠪᠢ ᠶᠢᠨ ᠣᠯᠠᠨ ᠨᠡᠶᠢᠲᠡ ᠶᠢᠨ ᠲᠡᠷᠭᠡ ᠵᠣᠭᠰᠣᠬᠤ ᠪᠠᠶᠢᠷᠢ ᠵᠢᠴᠢ ᠶᠠᠪᠠᠭᠠᠨ ᠬᠥᠮᠦᠨ ᠤ ᠵᠠᠮ ᠳᠡᠭᠡᠷ᠎ᠡ ᠣᠷᠳᠣ ᠬᠤᠭᠤᠴᠠᠭ᠎ᠠ ᠪᠠᠷ ᠣᠯᠠᠨ ᠲᠣᠮᠣ ᠬᠡᠯᠪᠡᠷᠢ ᠶᠢᠨ ᠪᠠᠷᠢᠯᠭ᠎ᠠ ᠶᠢᠨ ᠮᠠᠰᠢᠨ ᠲᠡᠷᠭᠡ ᠵᠣᠭᠰᠣᠭᠰᠠᠨ ᠠᠴᠠ ᠪᠣᠯᠵᠣ᠂ ᠲᠡᠷᠭᠡᠨ ᠤ ᠵᠣᠭᠰᠣᠭᠠᠯ ᠪᠠᠴᠢᠮ ᠪᠣᠯᠵᠣ᠂ ᠵᠠᠮ ᠬᠠᠷᠢᠯᠴᠠᠭ᠎ᠠ ᠰᠠᠭᠠᠳ ᠥᠬᠡᠶ ᠪᠣᠯᠵᠣ᠂ ᠨᠠᠰᠢ ᠴᠠᠰᠢ ᠵᠣᠷᠴᠢᠭᠴᠢᠳ ᠲᠤ ᠮᠠᠰᠢ ᠣᠯᠠᠨ ᠳᠥᠭᠦᠮ ᠦᠭᠡᠢ ᠪᠣᠯᠤᠭᠰᠠᠨ ᠪᠠᠶᠢᠨ᠎ᠠ᠃    ᠡᠨᠡᠬᠦ ᠠᠰᠠᠭᠤᠳᠠᠯ ᠳᠤ ᠴᠢᠭᠯᠡᠭᠦᠯᠦᠨ᠂ ᠵᠢᠤ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠲᠠᠢ ᠬᠠᠮᠲᠤᠷᠠᠨ ᠲᠤᠮᠤ ᠬᠡᠯᠪᠡᠷᠢ ᠶᠢᠨ ᠪᠠᠷᠢᠯᠭ᠎ᠠ ᠶᠢᠨ ᠮᠠᠰᠢᠨ ᠲᠡᠷᠭᠡᠨ ᠤ ᠵᠠᠮ ᠡᠵᠡᠯᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠡᠢ᠃ ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠬᠠᠷᠢᠯᠴᠠᠨ ᠬᠠᠮᠵᠢᠯᠴᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠣᠯᠠᠩᠬᠢ ᠮᠠᠰᠢᠨ ᠲᠡᠷᠭᠡ ᠶᠢ ᠠᠮᠵᠢᠯᠲᠠ ᠲᠠᠢ ᠪᠠᠷ ᠬᠥᠲᠥᠯᠦᠨ ᠵᠢᠯᠣᠭᠤᠳᠴᠤ ᠪᠠᠶᠢᠭᠠᠳ ᠲᠡᠷᠭᠡ ᠵᠣᠭᠰᠣᠬᠤ ᠪᠠᠶᠢᠷᠢ ᠶᠢᠨ ᠬᠡᠪ ᠤᠨ ᠬᠡᠷᠡᠭᠯᠡᠯᠲᠡ ᠶᠢ ᠰᠡᠷᠭᠦᠭᠡᠪᠡ᠃ ᠬᠠᠮᠵᠢᠯᠴᠠᠬᠤ ᠶᠢ ᠲᠡᠪᠴᠢᠭᠰᠡᠨ ᠬᠡᠰᠡᠭ ᠲᠡᠷᠭᠡᠨ ᠤ ᠡᠵᠡᠨ ᠳᠤ ᠵᠠᠮ ᠬᠠᠷᠢᠯᠴᠠᠭᠠᠨ ᠤ ᠴᠠᠭᠳᠠᠭ᠎ᠠ ᠬᠠᠤᠯᠢ ᠶᠣᠰᠣᠭᠠᠷ ᠲᠡᠷᠭᠡ ᠴᠢᠷᠦᠨ ᠰᠢᠯᠵᠢᠭᠦᠯᠬᠦ ᠪᠠ ᠵᠠᠰᠠᠭ ᠵᠠᠬᠢᠷᠭᠠᠨ ᠤ ᠰᠢᠢᠳᠬᠡᠯ ᠥᠭᠴᠦ᠂ ᠣᠯᠠᠨ ᠨᠡᠶᠢᠲᠡ ᠶᠢᠨ ᠡᠮᠬᠢ ᠵᠢᠷᠤᠮ ᠢ ᠪᠦᠲᠦᠮᠵᠢᠲᠡᠶ ᠬᠠᠮᠠᠭᠠᠯᠠᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠨᠥᠬᠦᠴᠡᠯ ᠬᠠᠩᠭᠠᠭᠰᠠᠨ ᠪᠠᠶᠢᠨ᠎ᠠ᠃    ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠰᠠᠶᠢᠬᠠᠨ ᠲᠠᠯ᠎ᠠ ᠬᠤᠲᠠ ᠶᠢᠨ ᠲᠠᠯ᠎ᠠ ᠨᠤᠲᠤᠭ ᠤᠨ ᠰᠢᠨ᠎ᠡ ᠪᠠᠷᠠᠭᠤᠨ ᠡᠭᠦᠳᠡᠨ ᠤ ᠣᠶᠢᠷ᠎ᠠ ᠬᠠᠪᠢ ᠶᠢᠨ ᠲᠡᠷᠭᠡ ᠵᠣᠭᠰᠣᠬᠤ ᠪᠠ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠠᠷᠠᠳ ᠲᠤ ᠪᠣᠳᠠᠲᠠᠶ ᠲᠥᠬᠦᠮ ᠦᠵᠡᠭᠦᠯᠪᠡ᠃ ᠵᠠᠯᠭᠠᠭᠠᠳ᠂ ᠬᠠᠤᠯᠢ ᠬᠡᠷᠡᠭᠵᠢᠭᠦᠯᠬᠦ ᠲᠣᠪᠴᠢᠶ᠎ᠠ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠮᠲᠤᠷᠠᠨ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠬᠤᠲᠠ ᠶᠢᠨ ᠴᠠᠭᠳᠠᠭ᠎ᠠ ᠶᠢᠨ ᠬᠤᠯᠪᠣᠭᠠᠯᠠᠨ ᠬᠥᠳᠡᠯᠦᠯᠴᠡᠬᠦ︾ ᠳᠠᠪᠠᠭᠤᠯᠢᠭ ᠢ ᠪᠠᠳᠠᠷᠠᠭᠤᠯᠤᠨ᠂ ᠬᠤᠲᠠ ᠶᠢᠨ ᠳᠦᠷᠰᠦ ᠪᠠᠶᠢᠳᠠᠯ ᠤᠨ ᠬᠠᠮᠢᠶ᠎ᠠ ᠪᠥᠬᠦᠶ ᠠᠵᠢᠯ ᠢ ᠱᠠᠯᠠᠪᠳᠠᠨ ᠬᠢᠵᠦ᠂ ᠠᠮᠤᠷ ᠲᠦᠪᠰᠢᠨ᠂ ᠰᠠᠭᠠᠳ ᠥᠬᠡᠶ᠂ ᠡᠮᠬᠢ ᠵᠢᠷᠤᠮ ᠲᠠᠢ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠬᠠᠮᠲᠤ ᠪᠠᠷ ᠪᠣᠶ ᠪᠣᠯᠭᠠᠨ᠎ᠠ᠃
   C:\Users\Administrator\Desktop\新闻照片\图片1.jpg
C:\Users\Administrator\Desktop\新闻照片\图片2.jpg
C:\Users\Administrator\Desktop\新闻照片\图片3.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号