ᠬᠢᠷᠢ ᠬᠡᠮ ᠤᠨ ᠭᠡᠷᠡᠴᠢᠯᠡᠯ ᠤᠨ ︽ᠬᠡᠷ ᠲᠤᠨᠢ ᠬᠦᠷᠴᠦ ᠠᠯᠪᠠᠨ ᠬᠡᠷ︾ ᠦᠢᠯᠡᠴᠢᠯᠡᠭᠡ ᠨᠢ ᠰᠡᠳᠬᠢᠯ ᠢ ᠳᠤᠯᠠᠭᠠᠴᠠᠭᠤᠯᠬᠤ ᠶᠢᠨ ᠲᠥᠯᠥᠭᠡ ᠶᠤᠮ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 8 ᠤ ᠡᠳᠦᠷ᠂ ᠵᠢᠦ ᠶᠤᠸᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠠᠵᠢᠯᠲᠠᠳ ᠴᠢᠩᠱᠠᠨ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠥᠨᠳᠥᠷ ᠨᠠᠰᠤᠲᠠᠶ᠂ ᠬᠦᠨᠳᠦ ᠡᠪᠡᠳᠴᠢᠨ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠰᠢᠯᠲᠠᠭᠠᠨ ᠠᠴᠠ ᠪᠣᠯᠵᠣ ᠭᠡᠷᠡᠴᠢᠯᠡᠭᠡ ᠬᠢᠯᠭᠡᠭᠰᠡᠨ ᠥᠬᠡᠶ ᠠᠵᠢᠯ ᠠᠴᠠ ᠪᠠᠨ ᠠᠮᠠᠷᠠᠭᠰᠠᠨ ᠨᠠᠰᠤᠲᠠᠨ ᠳᠤ ᠲᠤᠬᠠᠶ ᠶᠢᠨ ᠲᠠᠯᠠᠪᠤᠷ ᠤᠨ ᠭᠡᠷᠡᠴᠢᠯᠡᠭᠡ ᠬᠢᠵᠦ ᠥᠭᠪᠡ᠃ 
C:\Users\Administrator\Desktop\新闻照片\33.jpg
    ︽ᠪᠢ ᠨᠠᠰᠤ ᠠᠬᠢᠭᠰᠠᠨ᠂ ᠬᠦᠯ ᠭᠠᠷ ᠴᠤ ᠳᠥᠭᠦᠮ ᠦᠭᠡᠢ᠂ ᠨᠢᠭᠡ ᠨᠢᠳᠦᠨ ᠳᠤ ᠠᠰᠠᠭᠤᠳᠠᠯ ᠲᠠᠢ ᠪᠣᠯ ᠣᠯᠵᠤ ᠦᠵᠡᠬᠦ ᠦᠭᠡᠢ᠂ ᠲᠠ ᠨᠠᠷ ᠨᠠᠳᠠ ᠳᠤ ᠭᠡᠷᠡᠴᠢᠯᠡᠵᠦ᠂ ᠮᠠᠨ ᠤ ᠡᠳᠡᠭᠡᠷ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠳᠣᠲᠣᠨᠣ ᠦᠢᠯᠡᠴᠢᠯᠡᠭᠡ ᠬᠠᠩᠭᠠᠭᠰᠠᠨ ᠳᠤ ᠴᠢᠨᠢ ᠦᠨᠡᠬᠡᠷ ᠲᠠᠯᠠᠷᠬᠠᠵᠤ ᠪᠠᠶᠢᠨ᠎ᠠ︕︾ ᠭᠡᠵᠦ ᠠᠵᠢᠯ ᠠᠴᠠ ᠪᠠᠨ ᠠᠮᠠᠷᠠᠭᠰᠠᠳ ᠰᠦᠨ ᠯᠢᠨ ᠰᠢᠶᠠ ᠨᠠᠰᠤᠲᠠᠨ ᠬᠡᠯᠡᠪᠡ᠃ ᠣᠳᠣᠬᠠᠨ ᠳᠤ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ ᠥᠬᠡᠶ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠲᠤ ᠴᠢᠭᠯᠡᠭᠦᠯᠦᠨ ᠬᠤᠲᠠ ᠶᠢᠨ ᠲᠣᠭᠤᠷᠢᠭ ᠬᠤᠶᠠᠷ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠭᠡᠷ ᠬᠤᠷᠢᠶᠠᠯᠠᠯ ᠤᠨ ᠭᠡᠷᠡᠴᠢᠯᠡᠯ ᠤᠨ ᠦᠢᠯᠡᠴᠢᠯᠡᠭᠡᠨ ᠤ ᠲᠣᠤᠷ ᠴᠡᠭ ᠪᠣᠯᠤᠨ ᠰᠢᠶᠠᠩ ᠪᠠᠯᠭᠠᠰᠤᠨ ᠤ ᠦᠢᠯᠡᠴᠢᠯᠡᠭᠡᠨ ᠤ ᠲᠠᠪᠴᠠᠩ ᠳᠤ ᠬᠦᠷᠴᠦ ᠲᠤᠬᠠᠶ ᠶᠢᠨ ᠲᠠᠯᠠᠪᠤᠷ ᠤᠨ ᠭᠡᠷᠡᠴᠢᠯᠡᠯ ᠬᠢᠵᠦ ᠪᠣᠯᠤᠨ᠎ᠠ︔ ᠥᠨᠳᠥᠷ ᠨᠠᠰᠤᠲᠠᠶ᠂ ᠡᠪᠡᠳᠴᠢᠯᠡᠭᠡᠳ ᠬᠡᠪᠲᠡᠵᠦ ᠪᠠᠶᠢᠭ᠎ᠠ ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠴᠢᠭᠯᠡᠭᠦᠯᠦᠨ᠂ ᠬᠡᠷ ᠪᠦᠯᠢ ᠶᠢᠨ ᠬᠢᠨ ᠨᠢ ᠪᠠᠶᠢᠭ᠎ᠠ ᠭᠡᠷ ᠬᠤᠷᠢᠶᠠᠯᠠᠯ ᠪᠤᠶᠤ ᠭᠠᠴᠠᠭᠠᠨ ᠤ ᠠᠷᠠᠳ ᠤᠨ ᠵᠥᠪᠯᠡᠯ ᠳᠤ ᠤᠷᠢᠳᠴᠢᠯᠠᠨ ᠪᠣᠯᠵᠣᠵᠤ ᠬᠡᠷ ᠲᠤᠨᠢ ᠬᠦᠷᠴᠦ ᠭᠡᠷᠡᠴᠢᠯᠡᠭᠡ ᠬᠢᠯᠭᠡᠬᠦ ᠭᠤᠶᠤᠴᠢᠯᠠᠯ ᠭᠠᠷᠭᠠᠵᠤ ᠪᠣᠯᠤᠨ᠎ᠠ᠂ ᠨᠡᠶᠢᠭᠡᠮ ᠤᠨ ᠳᠠᠭᠠᠳᠬᠠᠯ ᠤᠨ ᠠᠵᠢᠯᠲᠠᠨ ᠤᠷᠢᠳᠴᠢᠯᠠᠨ ᠪᠣᠯᠵᠣᠵᠤ᠂ ᠬᠡᠷ ᠲᠤᠨᠢ ᠬᠦᠷᠴᠦ ᠭᠡᠷᠡᠴᠢᠯᠡᠭᠡ ᠬᠢᠯᠭᠡᠬᠦ ᠭᠠᠷ ᠭᠦᠢᠴᠡᠳᠬᠡᠯ ᠬᠢᠬᠦ ᠪᠠᠷ ᠳᠠᠮᠵᠢᠭᠤᠯᠤᠨ᠂ ᠨᠠᠰᠤᠲᠠᠶᠢᠴᠤᠳ ᠲᠤ ︽ᠰᠡᠳᠬᠢᠯ ᠠᠮᠤᠷᠵᠢᠭᠤᠯᠬᠤ ᠡᠮ︾ ᠣᠯᠭᠤᠨ᠎ᠠ᠃ ᠵᠢᠤ ᠶᠤᠸᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠠᠵᠢᠯᠲᠠᠳ ᠨᠠᠰᠤᠲᠠᠶᠢᠴᠤᠳ ᠢ ᠬᠠᠪᠰᠤᠷᠤᠨ APP ᠳᠡᠭᠡᠷ᠎ᠡ ᠬᠢᠷᠢ ᠬᠡᠮ ᠤᠨ ᠭᠡᠷᠡᠴᠢᠯᠡᠯ ᠬᠢᠯᠭᠡᠭᠰᠡᠨ ᠠᠴᠠ ᠭᠠᠳᠠᠨ᠎ᠠ ᠪᠠᠰᠠ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠢ ᠠᠰᠠᠭᠤᠨ ᠯᠠᠪᠯᠠᠵᠤ᠂ ᠨᠠᠰᠤᠲᠠᠶᠢᠴᠤᠳ ᠢ ᠪᠡᠶ᠎ᠡ ᠪᠠᠨ ᠬᠢᠴᠢᠶᠡᠵᠦ᠂ ᠠᠰᠠᠭᠤᠳᠠᠯ ᠲᠠᠢ ᠪᠣᠯ ᠴᠠᠭ ᠲᠤᠬᠠᠶ ᠳᠤᠨᠢ ᠨᠡᠶᠢᠭᠡᠮ ᠤᠨ ᠪᠠᠲᠤᠯᠠᠭ᠎ᠠ ᠶᠢᠨ ᠲᠥᠪ ᠲᠠᠢ ᠬᠠᠷᠢᠯᠴᠠᠭᠠᠷᠠᠶ ᠭᠡᠵᠦ ᠵᠠᠬᠢᠵᠠᠶ᠃
C:\Users\Administrator\Desktop\新闻照片\34.jpg
    ᠲᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠢᠨ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠮᠠᠶ᠋ᠢᠭ ᠪᠠ ᠤᠶᠤᠨᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠦᠷᠭᠦᠯᠵᠢᠯᠡᠨ ᠪᠠᠷᠢᠮᠲᠠᠯᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠶᠢ ᠰᠦᠯᠵᠢᠶᠡᠨ ᠳᠡᠭᠡᠷ᠎ᠡ ᠬᠦᠷᠲᠡᠯ᠎ᠡ ᠤᠷᠲᠤᠳᠬᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠪᠥᠬᠦ ᠲᠠᠯ᠎ᠠ ᠶᠢᠨ᠂ ᠨᠠᠩ ᠬᠠᠯᠠᠭᠤᠨ ᠳᠣᠲᠣᠨᠣ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号