ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠪᠤᠭᠤᠲᠤ | ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ | | ᠪᠣᠭᠤᠲᠤ ᠶᠢᠨ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ﹇2024﹈ 22 ᠳ᠋ᠤᠭᠠᠷ ᠲᠣᠭᠠᠲᠤ | | | ︽ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | | ᠲᠤᠭᠤᠷᠢᠭ ᠤᠨ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ᠂ ᠬᠠᠷᠢᠶ᠎ᠠ ᠣᠷᠣᠨ ᠤ ᠡᠯ᠎ᠡ | ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ᠄ | ᠮᠠᠨ ᠤ ᠲᠣᠭᠤᠷᠢᠭ ᠤᠨ ᠴᠢᠨᠠᠷ ᠰᠠᠶᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠲᠣᠭᠤᠷᠢᠭ ᠤᠨ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠤᠰᠠᠳᠠ᠂ ᠡᠳᠦᠭᠡ ︽ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ | ᠰᠤᠳᠤᠯᠬᠤ ᠪᠠᠷ ᠳᠠᠮᠵᠢᠭᠠᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠲᠦᠭᠡᠶ᠃ | | ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ | | ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶ | | ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ | ᠲᠦᠷᠢᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ | ︶ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠪᠠ | ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠪᠤᠭᠤᠲᠤ ᠬᠤᠲᠠ ᠶᠢᠨ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ︵ᠬᠤᠲᠠ︶ | ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠲᠦᠷᠦᠭᠦᠯᠡᠨ ᠵᠢᠦ ᠶᠤᠸᠠᠨ ᠲᠣᠭᠤᠷᠢᠭ ᠤᠨ ᠬᠢᠲᠠᠳ | ᠡᠮᠨᠡᠯᠭᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠮᠠᠨ ᠤ ᠲᠣᠭᠤᠷᠢᠭ ᠤᠨ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠮᠴᠢᠯᠡᠭᠡᠨ ᠤ | ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠶᠠᠪᠤᠴᠠ ᠶᠢ | ᠰᠢᠯᠤᠭᠤᠳᠬᠠᠬᠤ ᠪᠠᠷ ᠭᠤᠤᠯᠳᠠᠯᠭ᠎ᠠ ᠪᠣᠯᠭᠠᠵᠤ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠣᠷᠣᠨ | ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ᠂ ᠠᠵᠢᠯᠯᠠᠭᠠᠨ ᠤ ᠲᠣᠭᠲᠠᠴᠠ ᠪᠠ | ᠤᠷᠮᠠᠰᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠠᠳᠠᠯᠢ ᠪᠤᠰᠤ ᠲᠠᠰ᠂ ᠠᠳᠠᠯᠢ ᠪᠤᠰᠤ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠬᠠᠷᠠᠯᠲᠠ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠲᠥᠪ | ᠭᠤᠤᠯᠴᠢ ᠪᠦᠲᠦᠮᠵᠢᠲᠡᠶ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢᠨ ᠰᠢᠨ᠎ᠡ ᠶᠢ ᠡᠭᠦᠳᠦᠨ | ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠬᠢ ᠪᠠᠶᠠᠯᠢᠭ ᠤᠨ | ᠭᠦᠢᠯᠭᠡᠭᠡ ᠶᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠬᠥᠮᠦᠨ ᠪᠠ ᠡᠳ᠋ ᠪᠣᠳᠠᠰ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢ ᠦᠨᠡᠨ ᠬᠦ ᠦᠢᠯᠡᠴᠢᠯᠡᠭᠡᠨ ᠤ ᠠᠳᠠᠯᠢ ᠴᠢᠨᠠᠷ ᠲᠠᠢ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠭᠰᠡᠨ᠂ | ᠠᠰᠢᠭ ᠲᠤᠰᠠ ᠶᠢ ᠬᠠᠮᠲᠤ ᠪᠠᠷ ᠡᠳ᠋ᠯᠡᠭᠰᠡᠨ᠂ ᠬᠠᠮᠢᠶᠠᠷᠤᠯᠲᠠ ᠬᠢᠵᠦ ᠬᠠᠮᠲᠤ ᠪᠠᠷ ᠠᠰᠢᠭ ᠭᠥᠷᠳᠡᠬᠦ ᠬᠠᠮᠲᠤ ᠶᠢᠨ | ᠴᠣᠭᠴᠠ ᠪᠣᠯᠭᠠᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ | ᠠᠬᠢᠭᠤᠯᠤᠨ᠂ ᠬᠢᠲᠠᠳ ᠡᠮ ᠡᠮᠨᠡᠯᠭᠡ ᠶᠢᠨ ᠴᠢᠨᠠᠷ ᠰᠠᠶᠢᠲᠠᠶ ᠡᠬᠢ ᠪᠠᠶᠠᠯᠢᠭ ᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠵᠤ᠂ ᠠᠷᠠᠳ ᠣᠯᠠᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠭᠤᠤᠯᠯᠠᠵᠤ᠂ ᠨᠢᠭᠡᠳᠦᠯᠲᠡᠶ ᠲᠥᠯᠥᠪᠵᠢᠭᠦᠯᠦᠨ᠎ᠡ᠃ ᠵᠠᠰᠠᠭ ᠤᠨ | ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠤᠨ | ᠪᠦᠲᠦᠴᠡ ᠶᠢᠨ ᠪᠠᠶᠢᠷᠢᠰᠢᠭᠤᠯᠤᠯᠲᠠ ᠪᠠ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠲᠣᠭᠤᠷᠢᠭ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠨᠢᠭᠡᠳᠦᠯᠲᠡᠶ | ᠲᠥᠯᠦᠪᠵᠢᠭᠦᠯᠦᠨ᠂ ᠣᠷᠣᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ | ᠣᠷᠣᠨ ᠪᠦᠰᠡ ᠶᠢᠨ ᠳᠣᠲᠣᠷᠠᠬᠢ ᠡᠪᠡᠳᠴᠢᠲᠡᠨ ᠳᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠪᠡᠳᠴᠢᠨ ᠡᠮᠭᠡᠭ ᠢ | ᠣᠨᠣᠰᠢᠯᠠᠨ ᠡᠮᠨᠡᠬᠦ ᠵᠡᠷᠭᠡ ᠦᠢᠯᠡᠴᠢᠯᠡᠭᠡ ᠬᠠᠩᠭᠠᠨ᠎ᠠ᠃ | ︵ᠬᠤᠶᠠᠷ︶ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠥ ᠶᠤᠸᠠᠨ | ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠢᠲᠠᠳ | ᠡᠮᠨᠡᠯᠭᠡ ᠶᠢᠨ ᠴᠢᠨᠠᠷ ᠰᠠᠶᠢᠲᠠᠶ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠲᠡᠭᠦᠨ ᠤ ᠬᠥᠲᠥᠴᠢ | ᠡᠮᠨᠡᠯᠭᠡ ᠶᠢᠨ ᠬᠤᠷᠢᠶ᠎ᠠ ᠶᠢᠨ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠦᠨᠡᠨ ᠬᠦ ᠪᠠᠳᠠᠷᠠᠭᠤᠯᠵᠤ᠂ | ᠣᠷᠣᠨ ᠪᠦᠰᠡ ᠶᠢᠨ ᠳᠣᠲᠣᠷᠠᠬᠢ ᠬᠢᠲᠠᠳ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠢ ᠠᠳᠠᠯᠢ ᠪᠠᠶᠢᠯᠭᠠᠬᠤ | ᠬᠠᠮᠢᠶᠠᠷᠤᠯᠲᠠ ᠶᠢ ᠲᠦᠷᠭᠡᠬᠡᠨ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠣᠯᠠᠨ ᠲᠦᠮᠡᠨ ᠤ ᠣᠶᠢᠷ᠎ᠠ ᠬᠠᠪᠢ ᠳᠠᠭᠠᠨ ᠥᠨᠳᠥᠷ ᠪᠦᠲᠦᠮᠵᠢᠲᠡᠶ ᠪᠠᠷ ᠡᠮᠨᠡᠭᠦᠯᠬᠦ ᠳᠤ ᠲᠥᠬᠦᠮ ᠦᠵᠡᠭᠦᠯᠵᠦ᠂ ︽ | ᠦᠨᠳᠦᠰᠦᠨ ᠱᠠᠲᠤᠨ ᠳᠤ ᠣᠨᠤᠰᠢᠯᠠᠵᠤ᠂ ᠦᠨᠳᠦᠰᠦᠨ ᠱᠠᠲᠤᠨ ᠳᠤ ᠡᠷᠡᠭᠦᠯᠵᠢᠭᠦᠯᠬᠦ︾ ᠬᠢᠲᠠᠳ ᠡᠮᠨᠡᠯᠭᠡ ᠶᠢᠨ | ᠡᠷᠡᠭᠦᠯᠵᠡᠯ ᠤᠨ ᠳᠡᠰ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ ᠨᠡᠯᠢᠶᠡᠳ ᠲᠦᠷᠭᠡᠨ ᠪᠣᠶ ᠪᠣᠯᠭᠠᠨ᠎ᠠ᠃ | ︵ᠭᠤᠷᠪᠠ︶ ᠲᠣᠭᠲᠠᠴᠠ ᠶᠢᠨ ᠰᠢᠨ᠎ᠡ ᠶᠢ ᠡᠭᠦᠳᠴᠦ᠂ ᠤᠯᠠᠮᠵᠢᠯᠠᠨ ᠬᠥᠭᠵᠢᠭᠦᠯᠦᠨ᠎ᠡ᠃ ᠭᠤᠷᠪᠠᠨ | ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠵᠦ ᠥᠭᠡᠷᠡᠴᠢᠯᠡᠯᠲᠡ ᠬᠢᠬᠦ ᠶᠢ ᠪᠠᠷᠢᠮᠲᠠᠯᠠᠵᠤ᠂ ᠲᠣᠭᠲᠠᠴᠠ ᠶᠢᠨ ᠰᠢᠨ᠎ᠡ ᠶᠢ | ᠡᠭᠦᠳᠴᠦ᠂ ᠡᠬᠢ ᠪᠠᠶᠠᠯᠢᠭ ᠤᠨ ᠪᠦᠳᠦᠴᠠ ᠶᠢᠨ ᠪᠠᠶᠢᠷᠢᠰᠢᠭᠤᠯᠥᠯᠳᠡ ᠶᠢ ᠰᠢᠯᠢᠳᠡᠭᠵᠢᠬᠦᠯᠵᠦ᠂ ᠬᠢᠳᠡᠳ ᠡᠮ ᠡᠮᠨᠡᠯᠬᠡ | ︵ᠮᠣᠩᠭᠤᠯ ᠡᠮ ᠡᠮᠨᠡᠯᠬᠡ︶ ᠶᠢᠨ ᠣᠨᠴᠠᠯᠢᠠᠠᠳᠦ ᠳᠡᠪᠡᠭᠤᠯᠢᠭ ᠢ ᠰᠠᠶᠢᠳᠣᠷ ᠪᠠᠳᠡᠷᠡᠭᠤᠯᠥᠨ᠂ ᠮᠠᠨ ᠤ ᠲᠣᠭᠤᠷᠢᠭ ᠤᠨ | ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠬᠡ︶ ᠶᠢ ᠣᠯᠠᠮᠵᠢᠯᠠᠨ ᠵᠠᠯᠭᠠᠮᠵᠢᠯᠠᠬᠤ ᠪᠠ ᠨᠡᠭᠡᠭᠡᠯᠳᠡ ᠬᠢᠵᠦ ᠰᠢᠨ᠎ᠡ ᠶᠢ | ᠡᠬᠦᠳᠣᠨ ᠬᠦᠭᠵᠢᠬᠦᠯᠬᠦ ᠶᠢ ᠠᠬᠢᠭᠤᠯᠵᠦ᠂ ᠡᠮᠴᠢᠯᠡᠭᠡᠨ ᠤ ᠬᠠᠮᠳᠣ ᠶᠢᠨ ᠴᠣᠭᠴᠠ ᠶᠢᠨ ᠲᠣᠳᠣᠭᠠᠳᠣ ᠳᠤ ᠠᠵᠢᠯ | ᠬᠤᠪᠢᠶᠡᠷᠢᠯᠡᠨ ᠬᠠᠮᠵᠢᠯᠴᠠᠬᠤ ᠪᠠ ᠠᠰᠢᠭ ᠲᠣᠰᠠ ᠶᠢ ᠬᠠᠮᠳᠣᠪᠡᠷ ᠬᠦᠷᠲᠡᠬᠦ ᠲᠣᠠᠠᠳᠡᠴᠠ ᠶᠢ ᠪᠠᠶᠢᠭᠤᠯᠥᠨ | ᠳᠡᠬᠦᠯᠳᠡᠷᠵᠢᠬᠦᠯᠵᠦ᠂ ᠡᠮᠴᠢᠯᠡᠭᠡᠨ ᠤ ᠬᠤᠯᠪᠣᠭᠠᠳᠣ ᠴᠣᠠᠠᠴᠠ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ | ᠪᠠᠳᠣᠯᠠᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | 1. ᠲᠦᠷᠦᠭᠦᠯᠡᠬᠦ ᠨᠢᠭᠡᠴᠢ ᠄ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ | 2. ᠪᠦᠷᠢᠯᠳᠦᠬᠦᠨ ᠨᠢᠭᠡᠴᠢ᠄ | ︵1︶ 9 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠡᠷ ᠬᠤᠷᠢᠶᠠᠯᠠᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠵᠢᠴᠢ ᠬᠠᠷᠢᠶᠠᠨ ᠳᠠᠬᠢ ᠨᠢᠭᠡ ᠴᠣᠭᠴᠠᠵᠢᠭᠤᠯᠤᠭᠰᠠᠨ ᠡᠷᠡᠭᠦᠯ | ᠬᠠᠮᠠᠭᠠᠯᠠᠯ ᠤᠨ ᠲᠠᠰᠤᠭ ᠪᠠ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ︔ | ︵2︶ 2 ᠬᠢᠲᠠᠳ ᠡᠮᠨᠡᠯᠭᠡ ᠶᠢᠨ ᠲᠥᠷᠥᠯ ᠢᠯᠭᠠᠯ ᠲᠠᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ︵ | ᠪᠤᠭᠤᠲᠤ ᠶᠢᠨ ᠶᠢᠨ ᠣᠪᠣᠭᠲᠤ ᠶᠢᠨ ᠬᠢᠲᠠᠳ ᠡᠮᠨᠡᠯᠭᠡ ᠶᠢᠨ ᠪᠥᠭᠡᠷ᠎ᠡ ᠶᠢᠨ ᠡᠪᠡᠳᠴᠢᠨ ᠤ ᠡᠮᠨᠡᠯᠭᠡ ᠶᠢᠨ ᠬᠤᠷᠢᠶ᠎ᠠ᠂ | ᠵᠢᠥ ᠶᠤᠸᠠᠨ ᠨᠡᠶᠢᠳᠡᠮ ᠠᠶᠠᠯᠠᠬᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ︶ | ︵3︶ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠪᠤᠢ ᠪᠦᠬᠦᠢ ᠬᠢᠲᠠᠳ ᠡᠮᠨᠡᠯᠭᠡ ᠶᠢᠨ ᠲᠥᠷᠥᠯ ᠢᠯᠭᠠᠯ ᠤᠨ | ᠡᠮᠨᠡᠬᠦ ᠭᠠᠵᠠᠷ᠂ ᠡᠭᠦᠳᠡᠨ ᠡᠮᠨᠡᠯᠭᠡ ᠶᠢᠨ ᠭᠠᠵᠠᠷ᠃ | 3. ᠦᠢᠯᠡᠴᠢᠯᠡᠭᠴᠢᠳ᠄ ᠵᠢᠥ ᠶᠤᠸᠠᠨ ᠲᠣᠭᠤᠷᠢᠭ ᠤᠨ ᠪᠥᠬᠦ ᠴᠠᠷᠠᠭ᠎ᠠ ᠪᠠᠷ ᠬᠡᠪᠴᠢᠶ᠎ᠡ ᠪᠣᠯᠭᠠᠵᠤ᠂ ᠬᠠᠷᠢᠶᠠᠲᠤ | ᠣᠷᠣᠨ ᠤ ᠪᠣᠶ ᠪᠥᠬᠦᠶ ᠪᠠᠶᠢᠩᠭᠤ ᠰᠠᠭᠤᠭ᠎ᠠ ᠬᠥᠮᠦᠨ ᠠᠮᠠ ᠳᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ | ᠂ ᠡᠷᠬᠢᠨ ᠲᠣᠭᠤᠷᠢᠨ ᠤ ᠬᠤᠰᠢᠭᠤ ᠰᠢᠶᠠᠨ ᠢ ᠵᠡᠷᠭᠡ ᠪᠠᠷ ᠨᠥᠯᠥᠭᠡᠯᠡᠨ᠎ᠡ᠃ | ᠳᠥᠷᠪᠡ᠂ ᠠᠵᠢᠯ ᠤᠨ ᠠᠭᠤᠯᠭ᠎ᠠ | ︵ᠨᠢᠭᠡ︶ ᠠᠵᠢᠯ ᠤᠨ ᠬᠠᠷᠠᠯᠲᠠ | ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠪᠠᠷ | ᠲᠦᠷᠦᠭᠦᠯᠡᠭᠦᠯᠦᠭᠰᠡᠨ ᠡᠮᠨᠡᠯᠭᠡ ᠶᠢᠨ ᠬᠤᠷᠢᠶ᠎ᠠ ᠪᠣᠯᠭᠠᠵᠤ᠂ 9 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠪᠠ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠢᠴᠢ ᠬᠠᠷᠢᠶᠠᠨ ᠳᠠᠬᠢ ᠨᠢᠭᠡ | ᠴᠣᠭᠴᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ ᠪᠠ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ᠂ 2 ᠬᠢᠲᠠᠳ ᠡᠮᠨᠡᠯᠭᠡ ᠶᠢᠨ ᠲᠥᠷᠥᠯ ᠢᠯᠭᠠᠯ ᠲᠠᠢ ᠠᠷᠠᠳ ᠤᠨ ᠡᠵᠡᠩᠨᠡᠯᠲᠡ ᠶᠢᠨ | ᠡᠮᠨᠡᠯᠭᠡ ᠶᠢᠨ ᠬᠤᠷᠢᠶ᠎ᠠ ︵ ᠪᠤᠭᠤᠲᠤ ᠶᠢᠨ ᠶᠢᠨ ᠣᠪᠣᠭᠲᠤ ᠶᠢᠨ ᠬᠢᠲᠠᠳ ᠡᠮᠨᠡᠯᠭᠡ ᠶᠢᠨ ᠪᠥᠭᠡᠷ᠎ᠡ ᠶᠢᠨ ᠡᠪᠡᠳᠴᠢᠨ ᠤ | ᠡᠮᠨᠡᠯᠭᠡ ᠶᠢᠨ ᠬᠤᠷᠢᠶ᠎ᠠ᠂ ᠵᠢᠥ ᠶᠤᠸᠠᠨ ᠨᠡᠶᠢᠳᠡᠮ ᠠᠶᠠᠯᠠᠬᠤ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ | ᠡᠮᠨᠡᠯᠭᠡ ᠶᠢᠨ ᠬᠤᠷᠢᠶ᠎ᠠ ︶ ᠶᠢᠨ ᠬᠠᠷᠢᠶ᠎ᠠ ᠣᠷᠣᠨ ᠤ ᠬᠡᠪᠴᠢᠶᠡᠨ ᠳᠠᠬᠢ ᠪᠣᠶ ᠪᠥᠬᠦᠶ ᠬᠢᠲᠠᠳ ᠡᠮᠨᠡᠯᠭᠡ ᠶᠢᠨ ᠲᠥᠷᠥᠯ | ᠢᠯᠭᠠᠯ ᠤᠨ ᠡᠮᠴᠢᠯᠡᠭᠡᠨ ᠤ ᠭᠠᠵᠠᠷ᠂ ᠡᠭᠦᠳᠡᠨ ᠡᠮᠨᠡᠯᠭᠡ ᠶᠢᠨ ᠬᠡᠯᠲᠡᠰ ᠲᠠᠢ ᠬᠢᠲᠠᠳ ᠡᠮᠨᠡᠯᠭᠡ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠣᠷᠣᠨ | ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ | ︵ᠬᠤᠶᠠᠷ︶ ᠵᠠᠭᠪᠤᠷ ᠪᠦᠲᠦᠴᠡ | ᠳᠡᠰ ᠬᠤᠪᠢᠶᠠᠨ ᠣᠨᠣᠰᠢᠯᠠᠨ ᠡᠮᠨᠡᠬᠦ ᠬᠠᠷᠠᠯᠲᠠ ᠶᠢᠨ ᠲᠣᠭᠤᠷᠢᠨ ᠳᠤ᠂ ᠬᠢᠲᠠᠳ ᠡᠮᠨᠡᠯᠭᠡ ᠶᠢᠨ ᠡᠮᠴᠢᠯᠡᠭᠡᠨ ᠤ | ᠮᠡᠷᠭᠡᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠵᠦ᠂ ᠬᠢᠲᠠᠳ ᠡᠮᠨᠡᠯᠭᠡ ᠶᠢᠨ ᠡᠮᠴᠢᠯᠡᠭᠡᠨ ᠤ ᠡᠬᠢ | ᠪᠠᠶᠠᠯᠢᠭ ᠪᠠ ᠡᠮᠨᠡᠯᠭᠡ ᠶᠢᠨ ᠠᠵᠢᠯᠲᠠᠨ ︽ᠬᠤᠶᠠᠷ ᠢ ᠳᠣᠷᠣᠭᠰᠢ ᠪᠠᠭᠤᠯᠭᠠᠬᠤ︾ ᠶᠢ ᠠᠬᠢᠭᠤᠯᠤᠨ᠎ᠠ᠃ | ︵ᠭᠤᠷᠪᠠ︶ ᠪᠣᠳᠠᠲᠠᠶ ᠡᠭᠦᠷᠭᠡ | ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠣᠷᠣᠨ | ᠪᠦᠰᠡ ᠶᠢᠨ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠲᠣᠭᠤᠷᠢᠭ ᠤᠨ ᠬᠢᠲᠠᠳ | ᠡᠮᠨᠡᠯᠭᠡ ᠶᠢᠨ ᠡᠮᠴᠢᠯᠡᠭᠡ᠂ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ᠂ ᠤᠨᠴᠠᠯᠢᠬᠳᠤ ᠡᠷᠡᠭᠦᠯᠵᠢᠯ᠂ | ᠴᠢᠳᠠᠪᠤᠷᠢᠲᠠᠨ ᠢ ᠬᠥᠮᠦᠵᠢᠭᠦᠯᠬᠦ᠂ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠪᠠ ᠬᠢᠲᠠᠳ ᠡᠮ ᠡᠮᠨᠡᠯᠭᠡ ᠶᠢᠨ | ᠰᠣᠶᠣᠯ ᠤᠨ ᠰᠠᠭᠤᠷᠢᠨ ᠭᠠᠵᠠᠷ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ᠂ ᠬᠢᠲᠠᠳ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ | ᠂ ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠦᠷᠲᠡᠮᠵᠢ ᠶᠢᠨ ᠲᠥᠷᠥᠭᠳᠡᠯ ᠢ ᠤᠯᠠᠮ | ᠨᠢᠭᠡ ᠠᠯᠬᠤᠮ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ ᠃ | 1. ᠬᠢᠲᠠᠳ ᠡᠮᠨᠡᠯᠭᠡ ᠶᠢᠨ ᠠᠵᠢᠯᠴᠢᠨ ᠢ ᠨᠢᠭᠡᠳᠦᠯᠲᠡᠶ ᠲᠣᠬᠢᠷᠠᠭᠤᠯᠤᠨ᠎ᠠ᠃ ᠵᠢᠥ ᠶᠤᠸᠠᠨ ᠲᠣᠭᠤᠷᠢᠭ ᠤᠨ | ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠬᠢᠲᠠᠳ ᠶᠡᠭᠡ ᠡᠮᠴᠢ ᠶᠢ ᠤᠯᠠᠨ | ᠴᠡᠭ ᠲᠤ ᠠᠵᠢᠯ ᠡᠷᠬᠢᠯᠡᠬᠦ ᠪᠠᠷ ᠳᠠᠮᠵᠢᠭᠤᠯᠤᠨ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠣᠴᠢᠵᠤ ᠡᠮᠨᠡᠭᠦᠯᠬᠦ ᠪᠠᠷ ᠲᠣᠬᠢᠷᠠᠭᠤᠯᠵᠤ᠂ ᠬᠢᠲᠠᠳ ᠡᠮ | ᠡᠮᠨᠡᠯᠭᠡ ᠶᠢᠨ ᠦᠢᠯᠡᠴᠢᠯᠡᠭᠡ ᠬᠠᠩᠭᠠᠨ᠎ᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠮᠴᠢᠯᠡᠭᠡᠨ ᠤ | ᠲᠠᠰᠤᠭ᠂ ᠺᠣᠮᠫᠢᠦ᠋ᠲ᠋ᠧᠷ ᠵᠡᠷᠭᠡ ᠬᠠᠮᠢᠶ᠎ᠠ ᠪᠥᠬᠦᠶ ᠠᠵᠢᠯᠯᠠᠬᠤ ᠭᠠᠵᠠᠷ᠂ ᠲᠥᠬᠦᠭᠡᠷᠦᠮᠵᠢ ᠬᠠᠩᠭᠠᠬᠤ ᠶᠢ ᠬᠠᠷᠢᠭᠤᠴᠠᠵᠤ | ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠮᠡᠳᠡᠭᠡ ᠵᠠᠩᠭᠢ ᠶᠢ | ᠤᠷᠢᠳᠴᠢᠯᠠᠨ ᠮᠡᠳᠡᠭᠳᠡᠨ᠎ᠡ᠃ ᠡᠭᠦᠨ ᠤ ᠬᠠᠮᠲᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠡᠮᠴᠢᠯᠡᠬᠦ ᠭᠠᠵᠠᠷ ᠪᠤᠶᠤ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠲᠤᠰ ᠭᠠᠵᠠᠷ ᠤᠨ ᠨᠡᠷᠡᠲᠦ | ᠡᠮᠴᠢ ᠶᠢ ᠭᠦᠨᠵᠡᠭᠡᠶ ᠠᠭᠤᠳᠠᠯᠵᠤ᠂ ᠤᠬᠠᠭᠤᠯᠵᠤ᠂ ᠰᠢᠯᠢᠨ ᠰᠣᠩᠭᠤᠵᠤ᠂ ᠨᠡᠷᠡᠲᠦ ᠡᠮᠴᠢ ᠶᠢ ᠪᠥᠬᠦ ᠲᠣᠭᠤᠷᠢᠭ ᠤᠨ | ᠡᠯ᠎ᠡ ᠡᠮᠴᠢᠯᠡᠭᠡᠨ ᠤ ᠪᠠᠶᠢᠭᠤᠯᠤᠮᠵᠢ᠂ ᠭᠡᠷ ᠬᠤᠷᠢᠶᠠᠯᠠᠯ ᠤᠨ ᠦᠨᠳᠦᠰᠦᠨ ᠱᠠᠲᠤᠨ ᠳᠤ ᠲᠣᠭᠤᠷᠢᠨ ᠡᠮᠨᠡᠬᠦ᠂ ᠰᠠᠭᠤᠵᠤ | ᠡᠮᠨᠡᠭᠦᠯᠬᠦ᠂ ᠭᠠᠷᠴᠤ ᠡᠮᠴᠢᠯᠡᠭᠦᠯᠵᠦ ᠪᠣᠯᠤᠨ᠎ᠠ᠂ ᠬᠠᠷᠢᠯᠴᠠᠨ ᠦᠢᠯᠡᠳᠦᠯᠴᠡᠬᠦ ᠭᠦᠢᠯᠭᠡᠭᠡᠨ ᠤ ᠲᠣᠭᠲᠠᠴᠠ ᠶᠢ | ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ ᠶᠢ ᠠᠬᠢᠭᠤᠯᠤᠨ᠎ᠠ᠃ | 2. ᠬᠢᠲᠠᠳ ᠡᠮᠨᠡᠯᠭᠡ ᠶᠢᠨ ᠲᠤᠬᠠᠶᠢᠯᠠᠭᠰᠠᠨ ᠠᠵᠢᠯ ᠢ ᠨᠢᠭᠡᠳᠦᠯᠲᠡᠶ ᠬᠠᠮᠢᠶᠠᠷᠤᠨ᠎ᠠ᠃ ᠵᠢᠥ ᠶᠤᠸᠠᠨ | ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠨᠳᠦᠰᠦᠨ | ᠱᠠᠲᠤᠨ ᠤ ᠵᠢᠯᠣᠭᠤᠳᠬᠤ ᠰᠠᠯᠠᠭᠠᠨ ᠳᠤ ᠲᠤᠰᠬᠠᠶ ᠬᠥᠮᠦᠨ ᠳᠣᠭᠢᠷᠠᠭᠤᠯᠤᠨ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ | ᠂ ᠠᠵᠢᠯᠲᠠᠨ ᠤ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠵᠤ᠂ ᠣᠯᠠᠨ ᠲᠦᠮᠡᠨ ᠳᠤ ᠣᠶᠢᠷ᠎ᠠ ᠬᠠᠪᠢ ᠳᠤ ᠨᠢ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ ᠮᠡᠷᠭᠡᠵᠢᠯ ᠤᠨ ᠲᠠᠯ᠎ᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ | ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠨᠢᠭᠡᠨᠲᠡ ᠪᠣᠯᠪᠠᠰᠤᠷᠠᠩᠭᠤᠶ | ᠪᠣᠯᠤᠭᠰᠠᠨ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠷᠥᠯ ᠵᠦᠢᠯ ᠤᠨ ᠳᠣᠲᠣᠷ᠎ᠠ ᠠᠴᠠ ᠬᠢᠲᠠᠳ ᠡᠮᠨᠡᠯᠭᠡ ᠶᠢᠨ | ᠲᠣᠬᠢᠷᠠᠮᠵᠢᠲᠠᠶ 6 ᠲᠥᠷᠥᠯ 10 ᠵᠦᠢᠯ ᠢ ᠰᠢᠯᠢᠨ ᠰᠣᠩᠭᠤᠵᠤ ᠰᠢᠶᠠᠩ ᠪᠠᠯᠭᠠᠰᠤ ᠶᠢ ᠬᠠᠪᠰᠤᠷᠤᠨ ᠥᠷᠨᠢᠭᠦᠯᠵᠦ᠂ | ᠢᠳᠡᠪᠬᠢᠲᠡᠶ ᠪᠠᠷ ᠵᠢᠯᠣᠭᠤᠳᠤᠨ ᠳᠡᠯᠭᠡᠷᠡᠭᠦᠯᠦᠨ᠎ᠡ᠃ ᠡᠷᠡᠬᠦᠯ ᠬᠠᠮᠠᠭᠠᠯᠠᠯ ᠤᠨ ᠬᠤᠷᠢᠶ᠎ᠠ ᠨᠢ ᠲᠣᠰ ᠪᠡᠶ᠎ᠠ ᠶᠢᠨ | ᠬᠦᠭᠵᠢᠯᠳᠡ ᠶᠢᠨ ᠭᠡᠷᠡᠭᠴᠡᠭᠡ ᠱᠠᠭᠠᠷᠳᠡᠯᠭ᠎ᠠ ᠪᠠᠨ ᠦᠨᠳᠣᠰᠣᠯᠡᠨ᠂ ᠬᠢᠳᠡᠳ ᠡᠮᠴᠢ ᠪᠤᠶᠤ ᠡᠷᠡᠬᠦᠯᠵᠢᠯ ᠤᠨ | ᠡᠮᠴᠢᠯᠡᠭᠡᠨ ᠤ ᠳᠠᠰᠤᠭ ᠢ ᠰᠣᠩᠭᠤᠨ ᠲᠣᠮᠢᠯᠠᠵᠦ ᠬᠢᠳᠡᠳ ᠡᠮᠨᠡᠯᠬᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ | ᠳᠠᠰᠤᠭ ᠳᠠᠭᠠᠥ ᠰᠣᠷᠤᠯᠴᠠᠭᠤᠯᠤᠨᠠ᠃ ᠡᠮᠴᠢᠯᠡᠭᠡᠨ ᠤ ᠬᠠᠮᠳᠣ ᠶᠢᠨ ᠲᠣᠳᠣᠭᠠᠳᠣ ᠶᠢᠨ ᠬᠢᠳᠡᠳ ᠡᠮᠨᠡᠯᠬᠡ ᠶᠢᠨ | ᠵᠢᠷᠣᠮᠵᠢᠠᠠᠰᠠᠨ ᠦᠢᠯᠡᠴᠢᠯᠡᠭᠡᠨ ᠤ ᠳᠥᠷᠢᠮ ᠢ ᠳᠡᠬᠦᠯᠳᠡᠷᠵᠢᠬᠦᠯᠵᠦ᠂ ᠬᠢᠳᠡᠳ ᠡᠮᠨᠡᠯᠬᠡ ᠶᠢᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ | 3. ᠵᠠᠷᠤᠳᠠᠯ ᠢ ᠨᠢᠭᠡᠳᠦᠯᠲᠡᠶ ᠳ᠋ᠦᠩᠨᠡᠨ ᠪᠣᠳᠣᠨ᠎ᠠ᠃ ᠡᠪᠡᠳᠴᠢᠲᠡᠨ ᠬᠡᠪ ᠤᠨ ᠪᠠᠶᠢᠳᠠᠯ ᠢᠶᠠᠷ ᠡᠪᠡᠳᠴᠢᠨ | ᠦᠵᠡᠭᠦᠯᠬᠦ ᠵᠠᠭᠪᠤᠷ ᠢᠶᠠᠷ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠡᠷ ᠬᠤᠷᠢᠶᠠᠯᠠᠯ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠳ᠋ᠤᠭᠠᠷᠯᠠᠨ ᠡᠮᠴᠢᠯᠡᠭᠦᠯᠵᠦ᠂ ᠰᠦᠢᠳᠬᠡᠯ ᠲᠤᠰᠢᠶᠠᠬᠤ ᠪᠠ | ᠲᠠᠩᠰᠠ ᠳᠠᠶᠢᠯᠤᠨ᠎ᠠ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠣᠮᠢᠯᠠᠨ | ᠰᠠᠭᠤᠯᠭᠠᠭᠰᠠᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠦᠵᠡᠭᠦᠯᠬᠦ ᠡᠳᠦᠷ ᠲᠤ ᠪᠣᠶ ᠪᠣᠯᠤᠭᠰᠠᠨ | ᠳ᠋ᠤᠭᠠᠷᠯᠠᠬᠤ ᠵᠠᠷᠤᠳᠠᠯ᠂ ᠣᠨᠣᠰᠢᠯᠠᠨ ᠡᠮᠨᠡᠬᠦ ᠵᠠᠷᠤᠳᠠᠯ ᠨᠢ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ᠂ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠠᠷᠢᠶᠠᠯᠠᠭᠳᠠᠨ᠎ᠠ᠂ | ᠤᠷᠢᠳᠴᠢᠯᠠᠨ ᠪᠣᠯᠵᠣᠵᠤ ᠲᠣᠭᠲᠠᠭᠰᠠᠨ ᠠᠵᠢᠯ ᠤᠨ ᠠᠮᠵᠢᠯᠲᠠ ᠪᠦᠲᠦᠮᠵᠢ ᠶᠣᠰᠣᠭᠠᠷ ᠡᠮᠴᠢᠯᠡᠭᠦᠯᠬᠦ ᠡᠮᠴᠢ ᠶᠢᠨ | ᠵᠣᠬᠢᠬᠤ ᠨᠥᠬᠦᠪᠥᠷᠢ ᠣᠯᠭᠤᠵᠤ᠂ ᠡᠪᠡᠳᠴᠢᠨ ᠦᠵᠡᠭᠦᠯᠬᠦ ᠬᠢᠲᠠᠳ ᠡᠮᠴᠢ ᠶᠢᠨ ᠪᠠᠯᠭᠠᠰᠤᠨ ᠳᠤ ᠰᠠᠭᠤᠬᠤ | ᠡᠳᠦᠷ ᠤᠨ ᠵᠠᠮ ᠬᠠᠷᠢᠯᠴᠠᠭᠠᠨ ᠤ ᠵᠠᠷᠤᠳᠠᠯ᠂ ᠢᠳᠡᠭᠡᠨ ᠤᠮᠳᠠᠭᠠᠨ ᠤ ᠵᠠᠷᠤᠳᠠᠯ ᠢ ᠡᠯ᠎ᠡ ᠡᠷᠡᠭᠦᠯ ᠬᠠᠮᠠᠭᠠᠯᠠᠯ ᠤᠨ | ᠬᠤᠷᠢᠶ᠎ᠠ ᠠᠴᠠ ᠡᠭᠦᠷᠭᠡᠯᠡᠨ᠎ᠡ᠃ | 4. ᠠᠮᠵᠢᠯᠲᠠ ᠪᠦᠲᠦᠮᠵᠢ ᠶᠢ ᠨᠢᠭᠡᠳᠦᠯᠲᠡᠶ ᠬᠢᠨᠠᠨ ᠰᠢᠯᠭᠠᠨ᠎ᠠ᠃ ᠵᠢᠥ ᠶᠤᠸᠠᠨ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠡᠷ | ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠳᠠᠮᠵᠢ ᠶᠢᠨ ᠪᠠᠶᠢᠷᠢ ᠲᠣᠭᠲᠠᠭᠠᠯᠲᠠ᠂ | ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠲᠠᠢ | ᠤᠶᠠᠯᠳᠤᠭᠤᠯᠤᠨ᠂ ᠣᠨ ᠤ ᠬᠠᠷᠠᠯᠲᠠᠲᠤ ᠡᠭᠦᠷᠭᠡ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠲᠥᠰᠦᠯ ᠢ ᠲᠣᠭᠲᠠᠭᠠᠬᠤ ᠶᠢᠨ ᠬᠠᠮᠲᠤ ᠰᠢᠯᠭᠠᠨ ᠬᠢᠨᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠨᠢ ᠡᠳ᠋ ᠤᠨ | ᠵᠠᠰᠠᠭ ᠤᠨ ᠣᠷᠣᠭᠤᠯᠤᠯᠲᠠ᠂ ᠲᠥᠷᠥᠯ ᠵᠦᠢᠯ ᠤᠨ ᠲᠣᠬᠢᠷᠠᠭᠤᠯᠤᠯᠲᠠ ᠯᠤᠭ᠎ᠠ ᠬᠤᠯᠪᠤᠭᠳᠠᠨ᠎ᠠ᠃ ᠳᠣᠷᠣᠭᠰᠢ | ᠲᠣᠮᠢᠯᠠᠭᠰᠠᠨ ᠡᠮᠨᠡᠯᠭᠡ ᠶᠢᠨ ᠠᠵᠢᠯᠲᠠᠳ ᠤᠨ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠠᠮᠵᠢᠯᠲᠠ | ᠪᠦᠲᠦᠮᠵᠢ ᠶᠢ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠵᠦ᠂ | ᠡᠮᠨᠡᠯᠭᠡ ᠶᠢᠨ ᠠᠵᠢᠯᠲᠠᠳ ᠤᠨ ᠦᠷᠭᠦᠯᠵᠢᠯᠡᠨ ᠳᠣᠷᠤᠭᠰᠢ ᠶᠠᠪᠤᠬᠤ ᠶᠢ ᠵᠣᠷᠢᠭᠵᠢᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠵᠠᠰᠠᠭ ᠤᠨ ᠣᠷᠳᠣᠨ ᠠᠴᠠ | ᠡᠮᠨᠡᠯᠭᠡ ᠡᠷᠬᠢᠯᠡᠬᠦ ᠶᠢᠨ ᠤᠳᠤᠷᠢᠳᠬᠤ ᠬᠠᠷᠢᠭᠤᠴᠠᠯᠭ᠎ᠠ᠂ ᠪᠠᠲᠤᠯᠠᠬᠤ ᠬᠠᠷᠢᠭᠤᠴᠠᠯᠭ᠎ᠠ᠂ ᠬᠠᠮᠢᠶᠠᠷᠬᠤ ᠬᠠᠷᠢᠭᠤᠴᠠᠯᠭ᠎ᠠ᠂ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠭᠦᠢᠴᠡᠳᠬᠡᠬᠦ ᠪᠣᠯ ᠡᠮᠴᠢᠯᠡᠭᠡᠨ ᠤ ᠬᠠᠮᠲᠤ ᠶᠢᠨ ᠴᠣᠭᠴᠠ ᠶᠢᠨ | ᠦᠷᠭᠦᠯᠵᠢᠯᠡᠬᠦᠶᠢᠴᠡ ᠬᠥᠭᠵᠢᠯᠲᠡ ᠶᠢ ᠦᠨᠡᠨ ᠬᠦ ᠪᠠᠲᠤᠯᠠᠬᠤ ᠴᠢᠬᠤᠯᠠ ᠪᠠᠲᠤᠯᠠᠭ᠎ᠠ ᠮᠥᠨ᠃ ᠪᠦᠬᠦ ᠲᠣᠭᠤᠷᠢᠭ ᠤᠨ | ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠲᠠᠳ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠡᠰ ᠬᠤᠪᠢᠶᠠᠨ ᠣᠨᠣᠰᠢᠯᠠᠨ ᠡᠮᠨᠡᠬᠦ ᠳᠦᠷᠢᠮ ᠢ ᠠᠬᠢᠭᠤᠯᠬᠤ᠂ ᠬᠢᠲᠠᠳ | ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠠᠬᠢᠭᠤᠯᠬᠤ᠂ ᠣᠯᠠᠨ ᠲᠦᠮᠡᠨ ᠤ ᠡᠪᠡᠳᠴᠢᠨ | ᠦᠵᠡᠭᠦᠯᠵᠦ ᠡᠮᠨᠡᠭᠦᠯᠬᠦ ᠠᠰᠠᠭᠤᠳᠠᠯ ᠳᠤ ᠳᠥᠭᠦᠮ ᠦᠵᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠰᠢᠮᠳᠠᠭᠤᠯᠤᠨ | ᠪᠠᠶᠢᠴᠠᠭᠠᠬᠤ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ | ᠥᠭᠡᠷᠡᠴᠢᠯᠡᠯᠲᠡ ᠶᠢᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠡᠮ ᠡᠮᠨᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠢᠲᠠᠳ ᠡᠮᠨᠡᠯᠭᠡ ᠶᠢᠨ ᠴᠢᠨᠠᠷ | ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠠᠵᠢᠯ ᠤᠨ | ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ | ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠢᠨ ᠬᠢᠲᠠᠳ ᠡᠮᠨᠡᠯᠭᠡ ᠶᠢᠨ ᠤᠨᠴᠠᠯᠢᠬᠳᠤ ᠲᠤᠰᠬᠠᠢ | ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ᠶᠢᠨ ᠳᠠᠪᠠᠭᠤᠯᠢᠭ ᠡᠭᠦᠳᠡᠨ ᠡᠮᠨᠡᠯᠭᠡ ᠶᠢ | ᠪᠠᠶᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠢᠳᠡᠪᠬᠢᠲᠡᠢ ᠵᠢᠯᠣᠭᠤᠳᠤᠨ ᠳᠡᠭᠡᠭᠰᠢᠯᠡᠭᠦᠯᠦᠨ ᠂ ᠵᠢᠦ ᠶᠤᠸᠠᠨ | ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠭᠰᠢ ᠰᠢᠯᠵᠢᠭᠦᠯᠦᠭᠰᠡᠨ ᠡᠪᠡᠳᠴᠢᠲᠡᠨ ᠢ | ᠣᠨᠣᠰᠢᠯᠠᠨ ᠵᠠᠰᠠᠬᠤ ᠳᠤ ᠰᠠᠭᠠᠳ ᠦᠭᠡᠢ ᠨᠡᠪᠲᠡᠷᠡᠬᠦ ᠵᠠᠮ ᠬᠠᠩᠭᠠᠵᠤ᠂ ᠰᠠᠶᠢᠨ ᠰᠠᠶᠢᠬᠠᠨ᠂ ᠦᠨᠳᠦᠰᠦᠨ | ᠱᠠᠲᠤᠨ ᠳᠤ ᠪᠤᠴᠠᠵᠤ ᠡᠷᠡᠭᠦᠯᠵᠢᠭᠦᠯᠬᠦ ᠡᠮᠴᠢᠯᠡᠭᠡᠨ ᠳᠤ ᠲᠣᠬᠢᠷᠠᠮᠵᠢᠲᠠᠢ ᠡᠪᠡᠳᠴᠢᠲᠡᠨ ᠢ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠣᠷᠣᠭᠰᠢ ᠰᠢᠯᠵᠢᠭᠦᠯᠵᠦ᠂ ᠣᠷᠣᠨ ᠤ ᠲᠡᠰ ᠤᠨ | ᠡᠮᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠤᠨ ᠡᠬᠢ ᠪᠠᠶᠠᠯᠢᠭ ᠢ ᠭᠠᠭᠴᠠᠭᠠᠷ ᠡᠵᠡᠮᠰᠢᠬᠦ ᠪᠠ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ︽ᠰᠣᠷᠤᠬᠤ︾ ᠵᠡᠷᠭᠡ ᠠᠰᠠᠭᠤᠳᠠᠯ ᠭᠠᠷᠭᠠᠵᠤ | ᠪᠣᠯᠬᠤ ᠦᠭᠡᠢ᠃ | ︵ᠭᠤᠷᠪᠠ︶ ᠶᠡᠷᠦᠩᠬᠡᠶᠢᠯᠡᠨ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ ᠦᠷ᠎ᠡ ᠪᠦᠲᠦᠮᠵᠢ︾ ᠶᠢᠨ | ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠵᠤ᠂ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠬᠡᠷᠡᠭᠵᠢᠭᠦᠯᠦᠨ᠎ᠡ ᠃ | ᠨᠡᠶᠢᠭᠡᠮ ᠤᠨ ᠬᠢᠨᠠᠯᠲᠠ ᠲᠠᠯᠪᠢᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ ᠮᠥᠷᠳᠡᠨ ᠳᠠᠭᠠᠬᠤ ᠪᠠ ᠲᠣᠭᠲᠠᠮᠠᠯ | ᠬᠤᠭᠤᠴᠠᠭ᠎ᠠ ᠲᠠᠢ ᠪᠠᠷ ᠳ᠋ᠦᠩᠨᠡᠵᠦ᠂ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠪᠠ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠭᠤᠯᠪᠤᠷᠢᠯᠠᠵᠤ ᠪᠣᠯᠬᠤ | ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠨ᠎ᠠ᠃ | ︵ᠲᠦᠷᠪᠡ︶ ᠮᠡᠳᠡᠭᠡ ᠵᠠᠩᠭᠢ ᠶᠢᠨ ᠲᠠᠪᠴᠠᠩ ᠢ ᠨᠢᠭᠡᠳᠬᠡᠨ᠎ᠡ᠃ ᠵᠢᠥ ᠶᠤᠸᠠᠨ ᠲᠣᠭᠤᠷᠢᠭ ᠤᠨ ᠬᠢᠲᠠᠳ | ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠮᠡᠳᠡᠭᠡ | ᠵᠠᠩᠭᠢ ᠶᠢᠨ ᠰᠢᠰᠲ᠋ᠧᠮ ᠤᠨ ᠳᠠᠪᠠᠭᠤᠯᠢᠭ ᠡᠬᠢ ᠪᠠᠶᠠᠯᠢᠭ ᠢ ᠠᠰᠢᠭᠯᠠᠨ᠂ ᠮᠡᠳᠡᠭᠡ ᠵᠠᠩᠭᠢ ᠶᠢᠨ ᠰᠢᠰᠲ᠋ᠧᠮ ᠤᠨ | ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡ᠂ ᠨᠡᠶᠢᠲᠡ ᠶᠢᠨ ᠡᠷᠡᠭᠦᠯ ᠬᠠᠮᠠᠭᠠᠯᠠᠯ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠯᠥᠪᠯᠡᠭᠡᠲᠦ ᠦᠷᠡᠵᠢᠯ᠂ ᠡᠮᠴᠢᠯᠡᠭᠡᠨ ᠤ ᠳᠠᠭᠠᠳᠬᠠᠯ ᠵᠡᠷᠭᠡ ᠮᠡᠳᠡᠭᠡ | ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠰᠦᠯᠵᠢᠶ᠎ᠡ ᠪᠠᠷ ᠡᠪᠡᠳᠴᠢᠨ | ᠦᠵᠡᠭᠦᠯᠬᠦ ᠲᠠᠪᠴᠠᠩ ᠪᠠ ᠠᠯᠤᠰ ᠠᠴᠠ ᠬᠠᠮᠲᠤᠷᠠᠨ ᠣᠨᠣᠰᠢᠯᠠᠬᠤ ᠲᠥᠪ ᠢ ᠪᠠᠶᠢᠭᠤᠯᠤᠨ᠂ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ | ᠦᠵᠡᠭᠦᠯᠵᠦ ᠡᠮᠨᠡᠭᠦᠯᠬᠦ ᠳᠤ ᠲᠥᠬᠦᠮ ᠦᠵᠡᠭᠦᠯᠦᠨ᠎ᠡ᠃ | ︵ᠲᠠᠪᠤ︶ ᠣᠬᠠᠭᠤᠯᠭ᠎ᠠ ᠪᠣᠯᠪᠠᠰᠤᠷᠠᠯ ᠢ ᠴᠢᠬᠤᠯᠠᠴᠢᠯᠠᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠠᠵᠢᠯᠲᠠᠨ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠨ ᠳᠤ ᠴᠢᠭᠯᠡᠭᠦᠯᠦᠭᠰᠡᠨ | ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠥᠷᠨᠢᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠨ᠂ ᠬᠠᠮᠲᠤ ᠶᠢᠨ ᠲᠠᠨᠢᠯᠲᠠ ᠲᠠᠢ ᠪᠣᠯᠤᠨ᠎ᠠ᠃ ᠣᠯᠠᠨ ᠨᠡᠶᠢᠲᠡ ᠶᠢᠨ ᠵᠠᠭᠤᠴᠢᠯᠠᠭᠤᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠢᠲᠠᠳ ᠡᠮᠨᠡᠯᠭᠡ ᠶᠢᠨ ᠬᠠᠮᠲᠤ ᠶᠢᠨ ᠴᠣᠭᠴᠠ ᠶᠢᠨ ᠠᠵᠢᠯ ᠤᠨ ᠤᠬᠠᠭᠤᠯᠭ᠎ᠠ ᠶᠢ | ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠥᠷᠨᠢᠭᠦᠯᠵᠦ᠂ ᠣᠯᠠᠨ ᠲᠦᠮᠡᠨ ᠤ ᠬᠢᠲᠠᠳ | ᠡᠮᠨᠡᠯᠭᠡ ᠶᠢᠨ ᠬᠠᠮᠲᠤ ᠶᠢᠨ ᠴᠣᠭᠴᠠ ᠶᠢᠨ ᠠᠵᠢᠯ ᠤᠨ ᠲᠤᠬᠠᠶ ᠮᠡᠳᠡᠷᠡᠮᠵᠢ ᠶᠢ ᠨᠡᠮᠡᠭᠳᠡᠭᠦᠯᠦᠨ᠂ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠨ ᠦᠵᠡᠭᠦᠯᠬᠦ ᠦᠵᠡᠯᠲᠡ ᠪᠠ ᠳᠠᠳᠬᠠᠯ ᠢ ᠨᠢ ᠠᠯᠬᠤᠮ | ᠠᠯᠬᠤᠮ ᠢᠶᠠᠷ ᠬᠤᠪᠢᠷᠠᠭᠤᠯᠵᠤ᠂ ᠳᠡᠰ ᠬᠤᠪᠢᠶᠠᠨ ᠣᠨᠣᠰᠢᠯᠠᠨ ᠡᠮᠨᠡᠬᠦ ᠰᠢᠨ᠎ᠡ ᠵᠠᠭᠪᠤᠷ ᠢ ᠪᠣᠶ ᠪᠣᠯᠭᠠᠬᠤ ᠳᠤ ᠬᠦᠴᠦᠨ | ᠨᠡᠮᠡᠷᠢᠯᠡᠨ᠎ᠡ᠃ | | | | | | | | | |