ᠠᠩᠬᠠᠷ︕ ᠬᠤᠭᠤᠯᠠ ᠢᠳᠡᠬᠦ ᠦᠶᠡᠰ ᠪᠢᠲᠡᠭᠡᠶ ᠢᠩᠭᠢᠵᠦ ᠬᠢ᠂ ᠡᠷᠡᠭᠦᠯ ᠮᠡᠨᠳᠦ ᠶᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2024/4/15
    ᠲᠡᠳᠡᠭᠡᠷ ᠬᠤᠭᠤᠯᠠ ᠪᠠᠨ ᠲᠦᠷᠭᠡᠨ ᠢᠳᠡᠵᠦ ᠳᠠᠳᠤᠭᠰᠠᠨ ᠬᠥᠮᠦᠰ ᠲᠤ ᠠᠪᠴᠤ ᠬᠡᠯᠡᠪᠡᠯ᠂ ᠶᠡᠭᠡ ᠲᠠᠷᠢᠬᠢ ᠨᠢ ᠴᠠᠳᠤᠬᠰᠠᠨ ᠳᠣᠬᠢᠶ᠎ᠠ ᠣᠯᠬᠤ ᠠᠴᠠ ᠡᠮᠦᠨ᠎ᠡ᠂ ᠲᠡᠳᠡ ᠨᠢᠭᠡᠨᠲᠡ ᠤᠬᠠᠮᠰᠠᠷ ᠦᠭᠡᠢ ᠪᠠᠷ ᠬᠡᠲᠦᠷᠬᠡᠶ ᠣᠯᠠᠨ ᠢᠳᠡᠭᠡᠨ ᠢᠳᠡᠭᠰᠡᠨ ᠪᠠᠶᠢᠳᠠᠭ᠃ ᠢᠡᠭᠭᠢᠵᠦ ᠰᠠᠨᠠᠮᠰᠠᠷ ᠦᠭᠡᠢ ᠪᠠᠷ ᠬᠡᠲᠦᠷᠡᠲᠡᠯ᠎ᠡ ᠢᠳᠡᠬᠦ ᠨᠢ ᠴᠠᠭ ᠤᠨ ᠤᠳᠠᠭᠠᠨ ᠳᠠᠭᠠᠨ ᠪᠡᠶ᠎ᠡ ᠶᠢᠨ ᠬᠦᠨᠳᠦ ᠶᠢ ᠠᠭᠠᠵᠢᠮ ᠢᠶᠠᠷ ᠳᠡᠭᠡᠭᠰᠢᠯᠡᠭᠦᠯᠬᠦ ᠶᠢᠨ ᠤᠯᠠᠮ ᠢᠶᠠᠷ ᠮᠠᠷᠢᠶᠠᠯᠠᠬᠤ᠂ ᠴᠢᠰᠤᠨ ᠤ ᠥᠭᠡᠬᠦ ᠥᠨᠳᠥᠷᠵᠢᠬᠦ ᠭᠡᠮ ᠪᠠ ᠰᠣᠯᠢᠯᠴᠠᠭ᠎ᠠ ᠶᠢᠨ ᠬᠤᠷᠠᠮᠠᠯ ᠭᠡᠮ ᠵᠡᠷᠭᠡ ᠡᠷᠡᠭᠦᠯ ᠮᠡᠨᠳᠦ ᠶᠢᠨ ᠲᠦᠭᠰᠢᠭᠦᠷᠢ ᠶᠢ ᠨᠡᠮᠡᠭᠳᠡᠭᠦᠯᠬᠦ ᠪᠣᠯᠤᠯᠴᠠᠭ᠎ᠠ ᠲᠠᠢ ᠶᠤᠮ᠃ ᠡᠭᠦᠨ ᠠᠴᠠ ᠭᠠᠳᠠᠨ᠎ᠠ᠂ ᠲᠦᠷᠭᠡᠨ ᠵᠠᠯᠭᠢᠬᠤ ᠨᠢ ᠰᠢᠩᠭᠡᠭᠡᠯᠲᠡ ᠶᠢ ᠮᠠᠭᠤᠳᠠᠭᠤᠯᠵᠤ ᠮᠡᠳᠡᠨ᠎ᠡ᠂ ᠤᠴᠢᠷ ᠨᠢ ᠭᠦᠢᠴᠡᠳ ᠰᠠᠶᠢᠨ ᠵᠠᠵᠢᠯᠤᠭᠰᠠᠨ ᠦᠭᠡᠢ ᠢᠳᠡᠭᠡᠨ ᠨᠢ ᠬᠤᠳᠣᠭᠤᠳᠣᠨ ᠤ ᠳᠠᠷᠤᠭᠠᠰᠤ ᠶᠢ ᠬᠦᠨᠳᠦᠷᠡᠭᠦᠯᠳᠡᠭ ᠪᠤᠯᠬᠤᠷ ᠤᠷᠲᠤ ᠬᠤᠭᠤᠴᠠᠭ᠎ᠠ ᠪᠠᠷ ᠢᠡᠭᠭᠢᠭᠡᠳ ᠪᠠᠶᠢᠪᠠᠯ ᠬᠤᠳᠣᠭᠤᠳᠣᠨ ᠦᠷᠪᠢᠰᠦᠯ ᠵᠡᠷᠭᠡ ᠬᠤᠳᠣᠭᠤᠳᠣ ᠭᠡᠳᠡᠰᠦᠨ ᠤ ᠠᠰᠠᠭᠤᠳᠠᠯ ᠢ ᠡᠭᠦᠰᠭᠡᠵᠦ ᠮᠡᠳᠡᠨ᠎ᠡ᠃ ᠣᠳᠣᠬᠠᠨ ᠳᠤ ᠬᠤᠭᠤᠯᠠ ᠢᠳᠡᠬᠦ ᠬᠤᠷᠳᠤᠴᠠ ᠶᠢᠨ ᠲᠤᠬᠠᠢ ᠰᠤᠳᠤᠯᠤᠬᠰᠠᠨ ᠵᠥᠪ ᠣᠨᠣᠪᠴᠢᠲᠠᠶ ᠲᠠᠨᠢᠯᠴᠠᠭᠤᠯᠭ᠎ᠠ ᠭᠡᠵᠦ ᠪᠠᠶᠢᠬᠤ ᠦᠭᠡᠶ᠂ ᠨᠡᠶᠢᠳᠡᠮ ᠳᠡᠭᠡᠨ ᠨᠢᠭᠡ ᠡᠷᠡᠨ ᠤ ᠬᠤᠭᠤᠯᠠ ᠶᠢ ᠢᠳᠡᠬᠦ ᠲᠤᠬᠢᠷᠠᠮᠵᠢᠳᠠᠢ ᠬᠤᠷᠳᠤᠴᠠ ᠨᠢ ᠪᠠᠷᠤᠭ 20 ᠠᠴᠠ 30 ᠮᠢᠨᠦ᠋ᠲ ᠪᠠᠶᠢᠪᠠᠯ ᠵᠣᠬᠢᠨ᠎ᠠ ᠭᠡᠵᠦ ᠦᠵᠡᠵᠦ ᠪᠤᠢ᠂ ᠤᠴᠢᠷ ᠨᠢ ᠶᠡᠭᠡ ᠲᠠᠷᠢᠬᠢ ᠴᠠᠳᠤᠬᠰᠠᠨ ᠳᠣᠬᠢᠶ᠎ᠠ ᠶᠢ ᠬᠦᠯᠢᠶᠡᠨ ᠠᠪᠬᠤ ᠳᠤ ᠪᠠᠷᠤᠭ ᠡᠳᠦᠶ ᠴᠠᠭ ᠬᠡᠷᠡᠭᠰᠡᠳᠡᠭ᠃ ᠬᠠᠮᠤᠭ ᠰᠡᠭᠦᠯ ᠳᠤ᠂ ᠬᠤᠭᠤᠯᠠ ᠢᠳᠡᠬᠦ ᠦᠶᠡᠰ ᠰᠡᠳᠬᠢᠯ ᠬᠤᠪᠢᠶᠠᠭᠳᠠᠬᠤ ᠠᠴᠠ ᠵᠠᠶᠢᠯᠠᠬᠤ ᠨᠢ ᠴᠤ ᠮᠠᠰᠢ ᠴᠢᠬᠤᠯᠠ ᠶᠤᠮ᠃ ᠴᠢᠳᠠᠬᠤ ᠶᠢᠨ ᠲᠤᠳᠤᠷ᠎ᠠ ᠪᠢᠲᠡᠭᠡᠶ ᠬᠤᠭᠤᠯᠠ ᠢᠳᠡᠵᠦ ᠪᠠᠶᠢᠭᠠᠳ ᠲᠧᠯᠸᠢᠰ ᠦᠵᠡᠬᠦ ᠪᠤᠶᠤ ᠭᠠᠷ ᠤᠲᠠᠰᠤ ᠪᠠᠷ ᠢᠶᠠᠨ ᠨᠠᠭᠠᠳ᠂ ᠤᠴᠢᠷ ᠨᠢ ᠢᠡᠭᠭᠢᠪᠡᠯ ᠲᠠᠨ ᠤ ᠬᠤᠭᠤᠯᠠ ᠢᠳᠡᠬᠦ ᠬᠤᠷᠳᠤᠴᠠ ᠶᠢ ᠴᠢᠨᠢ ᠥᠪᠡᠷ ᠤᠨ ᠡᠷᠬᠡ ᠦᠭᠡᠢ ᠲᠦᠷᠭᠡᠳᠬᠡᠳᠡᠭ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号