ᠤᠨᠲᠠᠬᠤ ᠠᠴᠠ ᠪᠠᠨ ᠡᠮᠦᠨ᠎ᠡ ᠬᠡᠷᠡᠯᠳᠦᠪᠡᠯ ᠨᠠᠩ ᠠᠮᠠᠷᠬᠠᠨ ᠥᠰᠢᠶ᠎ᠡ ᠪᠣᠳᠣᠨ᠎ᠠ᠃ ᠰᠤᠳᠤᠯᠭᠠᠨ ᠠᠴᠠ ᠦᠵᠡᠪᠡᠯ | ᠂ ᠬᠥᠮᠦᠨ ᠤ ᠤᠷᠮ᠎ᠠ ᠰᠡᠳᠬᠢᠯᠭᠡ ᠨᠢᠭᠡ ᠡᠳᠦᠷ ᠲᠤ ᠣᠯᠠᠨ ᠤᠳᠠᠭ᠎ᠠ ᠬᠡᠯᠪᠡᠯᠵᠡᠵᠦ᠂ ᠢᠯᠠᠩᠭᠤᠶ᠎ᠠ ᠰᠥᠨᠢ | ᠳᠦᠯᠢ ᠶᠢᠨ ᠦᠶ᠎ᠡ ᠪᠠᠷ ᠬᠡᠯᠪᠡᠯᠵᠡᠳᠡᠭ᠃ ᠣᠷᠣᠶ ᠪᠣᠯᠪᠠᠯ ᠬᠥᠮᠦᠨ ᠤ ᠪᠡᠶ᠎ᠡ ᠨᠢ ᠬᠠᠷ᠎ᠠ ᠬᠦᠷᠡᠩ ᠬᠤᠷᠮᠣᠨ | ᠰᠢᠭᠦᠷᠡᠭᠦᠯᠵᠦ᠂ ᠴᠢᠰᠤᠨ ᠴᠠᠶᠢᠪᠠᠩ ᠤᠨ ᠡᠳ᠋ ᠰᠢᠭᠦᠷᠡᠭᠦᠯᠬᠦ ᠬᠡᠮᠵᠢᠶ᠎ᠡ ᠨᠢ ᠪᠠᠭᠤᠷᠠᠵᠤ᠂ ᠤᠷᠮ᠎ᠠ ᠰᠡᠳᠬᠢᠯᠭᠡ ᠨᠢ | ᠬᠠᠷᠢᠴᠠᠩᠭᠤᠶ ᠨᠠᠵᠠᠭᠠᠶ ᠪᠣᠯᠳᠠᠭ᠃ ᠪᠠᠭᠴᠠᠯᠠᠭᠠᠳ ᠬᠡᠯᠡᠪᠡᠯ᠂ ᠤᠷᠤᠢ ᠦᠳᠡᠰᠢ ᠬᠡᠷᠡᠯᠳᠦᠪᠡᠯ ᠤᠷᠮ᠎ᠠ | ᠰᠡᠳᠬᠢᠯᠭᠡ ᠳᠠᠬᠢ ᠨᠥᠯᠥᠭᠡ ᠨᠢ ᠪᠤᠰᠤᠳ ᠴᠠᠭ ᠠᠴᠠ ᠬᠤᠯᠠ ᠥᠨᠳᠥᠷ ᠪᠠᠶᠢᠳᠠᠭ᠃ ᠤᠨᠲᠠᠬᠤ ᠠᠴᠠ ᠪᠠᠨ ᠡᠮᠦᠨᠡᠬᠢ | ᠭᠡᠷᠡᠭ ᠢ ᠠᠯᠢ ᠴᠤ ᠦᠶ᠎ᠡ ᠠᠴᠠ ᠲᠣᠳᠣᠷᠬᠠᠢ ᠴᠡᠭᠡᠵᠢᠯᠡᠳᠡᠭ ᠪᠦᠭᠡᠳ ᠤᠨᠲᠠᠬᠤ ᠠᠴᠠ ᠡᠮᠦᠨ᠎ᠡ ᠥᠰᠢᠶ᠎ᠡ | ᠪᠣᠳᠣᠬᠤ ᠨᠢ ᠴᠤ ᠪᠤᠰᠤᠳ ᠵᠦᠢᠯ ᠢ ᠴᠡᠭᠡᠵᠢᠯᠡᠬᠦ ᠠᠴᠠ ᠬᠤᠯᠠ ᠠᠮᠠᠷᠬᠠᠨ ᠪᠠᠶᠢᠳᠠᠭ᠃ ᠤᠴᠢᠷ ᠨᠢ ᠤᠷᠮ᠎ᠠ ᠮᠠᠭᠤᠳᠠᠢ | ᠤᠨᠲᠠᠪᠠᠯ ᠨᠠᠵᠠᠭᠠᠶ ᠰᠡᠳᠬᠢᠯᠭᠡ ᠨᠢ ᠶᠡᠭᠡ ᠲᠠᠷᠢᠬᠢᠨ ᠤ ᠬᠦᠢᠯᠡᠰᠦᠨ ᠴᠥᠮ᠎ᠡ ᠶᠢᠨ ᠪᠡᠶ᠎ᠡ᠂ ᠰᠤᠳᠠᠰᠤᠯᠢᠭ ᠪᠡᠶ᠎ᠡ ᠶᠢᠨ | ᠡᠵᠡᠮᠰᠢᠯ ᠢ ᠠᠯᠳᠠᠭᠤᠯᠵᠤ ᠮᠤᠰᠬᠢᠷᠠᠭᠤᠯᠳᠠᠭ ᠠᠴᠠ ᠪᠤᠯᠵᠠᠢ᠂ ᠲᠥᠬᠦᠮ ᠢᠶᠠᠷ ᠬᠡᠯᠡᠪᠡᠯ᠂ ᠳᠠᠷᠤᠶ ᠤᠨᠲᠠᠬᠤ ᠲᠤᠲᠤᠮ | ᠠᠭᠤᠷᠯᠠᠭᠤᠯᠳᠠᠭ ᠪᠠᠶᠢᠨ᠎ᠠ᠃ ᠠᠮᠠᠷᠬᠠᠨ ᠥᠰᠢᠶ᠎ᠡ ᠪᠣᠳᠣᠬᠤ ᠠᠴᠠ ᠭᠠᠳᠠᠨ᠎ᠠ᠂ ᠤᠨᠲᠠᠬᠤ ᠠᠴᠠ ᠪᠠᠨ ᠡᠮᠦᠨ᠎ᠡ | ᠬᠡᠷᠡᠯᠳᠦᠬᠦ ᠨᠢ ᠬᠥᠮᠦᠨ ᠤ ᠪᠡᠶ᠎ᠡ ᠳ᠋ᠤ᠋ ᠮᠠᠰᠢ ᠣᠯᠠᠨ ᠬᠤᠤᠷ ᠬᠥᠨᠥᠭᠡᠯ ᠠᠪᠴᠢᠷᠠᠳᠠᠭ᠃ | ︽ᠤᠨᠲᠠᠬᠤ ᠠᠴᠠ ᠪᠠᠨ ᠡᠮᠦᠨ᠎ᠡ ᠬᠡᠷᠡᠯᠳᠦᠬᠦ︾ ᠠᠴᠠ ᠵᠠᠶᠢᠯᠠᠰᠬᠢᠬᠦ ᠠᠷᠭ᠎ᠠ | 1. ᠤᠨᠲᠠᠬᠤ ᠠᠴᠠ ᠡᠮᠦᠨᠡᠬᠢ ᠬᠡᠳᠦᠨ ᠴᠠᠭ ᠤᠨ ᠳᠣᠲᠣᠷ᠎ᠠ᠂ ᠠᠯᠢ ᠴᠢᠳᠠᠬᠤ ᠪᠠᠷ ᠨᠡᠯᠢᠶᠡᠳ ᠰᠡᠷᠭᠡᠭ ᠪᠤᠶᠤ | ᠬᠤᠶᠠᠷ ᠲᠠᠯ᠎ᠠ ᠪᠠᠷ ᠢᠶᠠᠨ ᠮᠠᠷᠭᠤᠭᠠᠨ ᠲᠠᠢ ᠶᠠᠷᠢᠶᠠᠨ ᠤ ᠰᠡᠳᠦᠪ ᠢ ᠶᠠᠷᠢᠬᠤ ᠥᠬᠡᠶ ᠪᠠᠶᠢᠬᠤ ᠬᠡᠷᠡᠭᠲᠡᠶ᠃ | 2. ᠠᠰᠠᠭᠤᠳᠠᠯ ᠢ ᠬᠡᠯᠡᠯᠴᠡᠭᠡᠳ ᠬᠡᠯᠡ ᠠᠮᠠ ᠨᠡᠶᠢᠯᠡᠬᠦ ᠦᠭᠡᠢ ᠪᠣᠯ ᠵᠢᠭᠤᠷᠠᠯᠳᠤᠭᠠᠨ ᠢ ᠲᠦᠷ ᠲᠠᠯᠪᠢᠵᠤ | ᠪᠣᠯᠤᠨ᠎ᠠ᠃ | 3. ᠶᠠᠭᠤ ᠪᠠᠶᠢᠪᠠᠯ ᠶᠠᠭᠤ ᠶᠢ ᠯᠡ ᠶᠠᠷᠢᠵᠦ᠂ ᠬᠠᠷᠢᠯᠴᠠᠨ ᠳᠠᠭᠠᠷᠢᠬᠤ ᠦᠭᠡᠶ ᠪᠠᠶᠢᠬᠤ ᠬᠡᠷᠡᠭᠲᠡᠶ᠃ | |