ᠵᠧᠨ ᠰᠢᠶᠠᠩ ᠭᠡᠷ ᠬᠤᠷᠢᠶᠠᠯᠠᠯ ︽ᠠᠰᠠᠷ ᠤᠨ ᠬᠤᠩᠭᠢᠯ ᠳᠤ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠶᠢ ᠴᠠᠭᠠᠵᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/19
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠵᠢᠵᠢᠭ ᠲᠣᠭᠤᠷᠢᠭ ᠤᠨ ᠠᠰᠠᠷ ᠤᠨ ᠬᠤᠩᠭᠢᠯ ᠳᠠᠬᠢ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ ᠬᠤᠩᠭᠢᠯ ᠳᠤ ᠴᠠᠬᠢᠯᠭᠠᠨ ᠴᠡᠨᠡᠭᠯᠡᠬᠦ ᠠᠴᠠ ᠪᠣᠯᠤᠭᠰᠠᠨ ᠠᠮᠤᠷ ᠲᠦᠪᠰᠢᠨ ᠤ ᠠᠳᠡᠯ ᠢ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠵᠧᠨ ᠰᠢᠶᠠᠩ ᠭᠡᠷ ᠬᠤᠷᠢᠶᠠᠯᠠᠯ ᠷᠦᠩ ᠮᠤᠤ A ᠲᠣᠭᠤᠷᠢᠭ ᠲᠤ ︽ᠠᠰᠠᠷ ᠤᠨ ᠬᠤᠩᠭᠢᠯ ᠳᠤ ᠲᠣᠭᠲᠠᠭᠠᠯ ᠢ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠶᠢ ᠴᠠᠭᠠᠵᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\图片1.jpg
    ᠠᠵᠢᠯᠯᠠᠭ᠎ᠠ ᠶᠢᠨ ᠳᠤᠮᠳᠠ ᠵᠧᠨ ᠰᠢᠶᠠᠩ ᠭᠡᠷ ᠬᠤᠷᠢᠶᠠᠯᠠᠯ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠣᠶᠢᠷ᠎ᠠ ᠶᠢᠨ ᠬᠤᠭᠤᠴᠠᠭᠠᠨ ᠳᠠᠬᠢ ᠡᠯ᠎ᠡ ᠭᠠᠵᠠᠷ ᠤᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠶᠠᠷᠢᠵᠤ᠂ ᠰᠠᠭᠤᠭᠠᠯᠢ ᠠᠷᠠᠳ ᠲᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠥᠪ ᠬᠡᠷᠡᠭᠯᠡᠬᠦ ᠴᠠᠬᠢᠯᠭᠠᠨ ᠴᠡᠨᠡᠭᠯᠡᠬᠦ ᠠᠷᠭ᠎ᠠ ᠮᠠᠶ᠋ᠢᠭ ᠢ ᠲᠦᠭᠡᠮᠡᠯᠵᠢᠭᠦᠯᠵᠡᠶ᠃ ᠭᠠᠯ ᠤᠨ ᠭᠠᠮᠰᠢᠭ ᠤᠨ ᠬᠤᠣᠷ ᠬᠦᠨᠦᠭᠡᠯᠳᠦ ᠴᠢᠨᠠᠷ᠂ ᠭᠡᠷ ᠪᠦᠯᠢ ᠶᠢᠨ ᠭᠠᠯ ᠢ ᠰᠡᠷᠭᠡᠶᠢᠯᠡᠬᠦ ᠳᠤ ᠠᠩᠬᠠᠷᠬᠤ ᠵᠦᠢᠯᠡᠰ᠂ ᠭᠠᠯ ᠤᠨ ᠠᠶᠤᠯ ᠢ ᠬᠡᠷᠬᠢᠨ ᠵᠥᠪ ᠢᠶᠠᠷ ᠮᠡᠳᠡᠭᠦᠯᠬᠦ᠂ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠨᠠᠷᠢᠨ ᠲᠣᠳᠣᠷᠬᠠᠶ ᠥᠭᠦᠯᠡᠬᠦ ᠶᠢᠨ ᠬᠠᠮᠲᠤ᠂ ᠠᠰᠠᠷ ᠤᠨ ᠬᠤᠨᠭ᠍ᠬᠢᠯ ᠪᠣᠯ ᠠᠮᠢ ᠨᠠᠰᠤᠨ ᠤ ᠠᠮᠤᠷ ᠲᠦᠪᠰᠢᠨ ᠤ ᠨᠡᠪᠲᠡᠷᠡᠬᠦ ᠵᠠᠮ ᠮᠥᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠬᠠᠷᠢᠯᠴᠠᠨ ᠬᠢᠨᠠᠯᠲᠠ ᠲᠠᠯᠪᠢᠵᠤ᠂ ᠬᠠᠷᠢᠯᠴᠠᠨ ᠤᠬᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠬᠠᠮᠲᠤ ᠪᠠᠷ ᠪᠡᠶᠡᠯᠡᠭᠦᠯᠵᠦ᠂ ᠭᠡᠷ ᠬᠤᠷᠢᠶᠠᠯᠠᠯ ᠤᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠶ᠃
C:\Users\Administrator\Desktop\新闻照片\图片2.jpg
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ ᠨᠡᠮᠡᠭᠳᠡᠭᠦᠯᠦᠨ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠰᠠᠭᠤᠭᠠᠯᠢ ᠠᠷᠠᠳ ᠤᠨ ᠰᠡᠳᠬᠢᠯ ᠳᠤ ᠦᠨᠡᠨ ᠬᠦ ᠬᠠᠳᠠᠩᠰᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠧᠨ ᠰᠢᠶᠠᠩ ᠭᠡᠷ ᠬᠤᠷᠢᠶᠠᠯᠠᠯ ᠤᠨ ᠬᠢᠨ ᠬᠠᠷᠢᠶᠠᠨ ᠳᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠳᠤ ᠪᠠᠶᠢᠩᠭᠤ ᠶᠢᠨ ᠬᠠᠮᠢᠶᠠᠷᠤᠯᠲᠠ ᠶᠠᠪᠤᠭᠤᠯᠵᠤ᠂ ᠤᠬᠠᠭᠤᠯᠭ᠎ᠠ ᠶᠢᠨ ᠪᠤᠯᠤᠩ᠂ ᠸᠢᠴᠠᠲ ᠤᠨ ᠪᠦᠯᠦᠭ ᠵᠡᠷᠭᠡ ᠠᠷᠭ᠎ᠠ ᠬᠡᠯᠪᠡᠷᠢ ᠶᠢ ᠠᠰᠢᠭᠯᠠᠨ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠰᠠᠭᠤᠭᠠᠯᠢ ᠠᠷᠠᠳ ᠤᠨ ᠪᠣᠯᠪᠠᠰᠤᠨ ᠤᠬᠠᠮᠰᠠᠷ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠣᠯᠠᠨ ᠳᠤ ᠰᠠᠶᠢᠨ ᠰᠠᠶᠢᠬᠠᠨ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号