ᠵᠢᠶᠠᠨ ᠬᠤᠸᠠ ᠭᠡᠷ ᠬᠤᠷᠢᠶᠠᠯᠠᠯ᠄ ᠨᠢᠳᠦᠨ ᠰᠠᠯᠠᠭᠠᠨ ᠤ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠣᠷᠣᠵᠤ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠨᠢ ᠬᠥᠮᠦᠰ ᠤᠨ ᠰᠡᠳᠬᠢᠯ ᠢ ᠳᠤᠯᠠᠭᠠᠯᠠᠨ᠎ᠠ
ᠨᠡᠶᠢᠲᠡᠯᠡᠭᠰᠡᠨ ᠴᠠᠭ᠄
2024/4/19
    ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠲᠥᠯᠥᠭᠡ᠂ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ 4 ᠰᠠᠷ᠎ᠠ ᠶᠢᠨ 18 ᠤ ᠡᠳᠦᠷ᠂ ᠵᠢᠶᠠᠨ ᠬᠤᠸᠠ ᠭᠡᠷ ᠬᠤᠷᠢᠶᠠᠯᠠᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠠᠮᠲᠤᠷᠠᠨ ᠨᠢᠭᠡᠴᠡ ᠪᠠᠶᠢᠭᠤᠯᠵᠤ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠶᠢ ᠬᠠᠮᠲᠤᠷᠠᠨ ᠪᠠᠶᠢᠭᠤᠯᠵᠤ᠂ ︽ᠨᠢᠳᠦᠨ ᠤ ᠡᠮᠨᠡᠯᠭᠡ ᠶᠢᠨ ᠵᠢᠷᠤᠮ ᠤᠨ ᠡᠮᠴᠢᠯᠡᠭᠡ ᠶᠢ ᠭᠡᠷ ᠬᠤᠷᠢᠶᠠᠯᠠᠯ ᠳᠤ ᠣᠷᠣᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠭᠤᠤᠯ ᠰᠡᠳᠦᠪᠲᠦ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
C:\Users\Administrator\Desktop\新闻照片\1.png
    ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠤᠷ ᠲᠤ᠂ ᠡᠮᠨᠡᠯᠭᠡ ᠶᠢᠨ ᠠᠵᠢᠯᠲᠠᠳ ᠲᠤᠰᠬᠠᠶ ᠮᠡᠷᠭᠡᠵᠢᠯ ᠤᠨ ᠬᠡᠮᠵᠢᠭᠦᠷᠯᠢᠭ ᠲᠥᠬᠦᠭᠡᠷᠦᠮᠵᠢ ᠶᠢ ᠠᠰᠢᠭᠯᠠᠨ ᠰᠠᠭᠤᠭᠠᠯᠢ ᠠᠷᠠᠳ ᠤᠨ ᠬᠠᠷᠠᠭ᠎ᠠ ᠶᠢ ᠬᠡᠮᠵᠢᠵᠦ᠂ ᠨᠢᠳᠦᠨ ᠢᠷᠣᠭᠠᠷ᠂ ᠨᠢᠳᠦᠨ ᠳᠠᠷᠤᠯᠲᠠ ᠶᠢ ᠪᠠᠶᠢᠴᠠᠭᠠᠵᠤ᠂ ᠰᠠᠭᠤᠭᠠᠯᠢ ᠠᠷᠠᠳ ᠤᠨ ᠨᠢᠳᠦᠨ ᠤ ᠡᠪᠡᠳᠴᠢᠨ ᠤ ᠲᠤᠬᠠᠶ ᠬᠤᠯᠪᠣᠭᠳᠠᠯ ᠪᠥᠬᠦᠶ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ ᠪᠠᠶᠢᠨ᠎ᠠ᠃ ᠢᠯᠠᠩᠭᠤᠶ᠎ᠠ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠳᠤ ᠨᠢᠳᠦᠨ ᠤ ᠬᠡᠰᠡᠭ ᠤᠨ ᠡᠷᠡᠭᠦᠯ ᠬᠠᠮᠠᠭᠠᠯᠠᠯ ᠢ ᠠᠩᠬᠠᠷᠴᠤ᠂ ᠡᠷᠡᠭᠦᠯ ᠮᠡᠨᠳᠦ ᠪᠠᠷ ᠨᠢᠳᠦ ᠪᠠᠨ ᠬᠡᠷᠡᠭᠯᠡᠪᠡᠯ ᠴᠠᠭᠠᠨ ᠬᠠᠷᠠᠩ᠂ ᠴᠡᠩᠬᠡᠷ ᠬᠠᠷᠠᠩ ᠵᠡᠷᠭᠡ ᠡᠪᠡᠳᠴᠢᠨ ᠢ ᠪᠦᠲᠦᠮᠵᠢᠲᠡᠶ ᠰᠡᠷᠭᠡᠶᠢᠯᠡᠵᠦ ᠴᠢᠳᠠᠬᠤ ᠶᠢ ᠰᠠᠨᠠᠭᠤᠯᠵᠤ ᠪᠠᠶᠢᠨ᠎ᠠ᠃ ᠰᠠᠭᠤᠭᠠᠯᠢ ᠠᠷᠠᠳ᠂ ᠭᠡᠷ ᠬᠤᠷᠢᠶᠠᠯᠠᠯ ᠤᠨ ᠵᠢᠷᠤᠮ ᠤᠨ ᠡᠮᠴᠢᠯᠡᠭᠡᠨ ᠤ ᠲᠦᠷᠦᠯ ᠵᠦᠢᠯ ᠤᠯᠠᠮ ᠠᠴᠠ ᠤᠯᠠᠮ ᠪᠠᠶᠠᠯᠢᠭᠵᠢᠵᠤ᠂ ᠠᠷᠠᠳ ᠲᠤ ᠲᠦᠬᠦᠮ ᠦᠵᠡᠭᠦᠯᠦᠭᠰᠡᠨ ᠡᠳᠡᠭᠡᠷ ᠦᠢᠯᠡᠴᠢᠯᠡᠭᠡ ᠳᠤ ᠲᠦᠢᠯ ᠢᠶᠠᠷ ᠲᠠᠯᠠᠷᠬᠠᠵᠤ ᠪᠠᠶᠢᠨ᠎ᠠ ᠭᠡᠵᠦ ᠢᠯᠡᠳᠬᠡᠵᠡᠭᠡᠪᠡ᠃
C:\Users\Administrator\Desktop\新闻照片\2.jpg
    ᠲᠣᠰ ᠤᠳᠠᠭᠠᠨ ᠤ ᠨᠢᠳᠦᠨ ᠤ ᠰᠠᠯᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ 20 ᠭᠠᠷᠤᠶ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠢᠭᠤᠷᠲᠠᠨ᠂ ᠥᠴᠦᠬᠡᠨ ᠴᠦ ᠵᠠᠶ ᠥᠬᠡᠶ ᠬᠠᠯᠠᠭᠤᠨ ᠰᠡᠳᠬᠢᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠵᠢᠶᠠᠨ ᠬᠤᠸᠠ ᠭᠡᠷ ᠬᠤᠷᠢᠶᠠᠯᠠᠯ ᠤᠨ ᠰᠢᠨ᠎ᠡ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠤᠯᠠᠨ ᠲᠠᠯ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠦᠷᠭᠦᠯᠵᠢᠯᠡᠨ ᠨᠡᠶᠢᠳᠬᠡᠵᠦ᠂ ᠤᠯᠠᠨ ᠬᠡᠯᠪᠡᠷᠢ ᠶᠢᠨ ᠠᠷᠠᠳ ᠲᠤ ᠠᠰᠢᠭ ᠬᠦᠷᠲᠡᠭᠡᠬᠦ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠪᠣᠯᠤᠨ ᠬᠠᠨᠤᠮᠵᠢ ᠶᠢᠨ  ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号