ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠭᠤᠷᠪᠠᠨ ᠴᠠᠭ ᠤᠨ ᠳᠣᠲᠣᠷ᠎ᠠ ᠲᠥᠭᠡᠷᠢᠭᠰᠡᠨ ᠬᠡᠤᠬᠡᠳ ᠢ ᠠᠮᠵᠢᠯᠲᠠ ᠲᠠᠢ ᠪᠠᠷ ᠡᠷᠢᠵᠦ ᠤᠯᠪᠠ
ᠨᠡᠶᠢᠲᠡᠯᠡᠭᠰᠡᠨ ᠴᠠᠭ᠄
2024/4/2
    3 ᠰᠠᠷ᠎ᠠ ᠶᠢᠨ 31᠎ ᠤ ᠡᠳᠦᠷ ᠤᠨ ᠣᠷᠣᠶ ᠶᠢᠨ 21 ᠴᠠᠭ ᠤᠨ ᠦᠶ᠎ᠡ ᠪᠠᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠠᠶᠢᠬᠠᠨ ᠲᠣᠮᠢᠯᠠᠭᠰᠠᠨ ᠰᠠᠯᠪᠤᠷᠢ ᠶᠢᠨ ᠠᠵᠢᠯ ᠤᠨ ᠳᠤᠮᠳᠠ ᠬᠤᠲᠠ ᠶᠢᠨ ᠠᠷᠠᠳ ᠤᠨ ᠲᠤᠰᠠᠯᠠᠮᠵᠢ ᠭᠤᠶᠤᠭᠰᠠᠨ ᠢ ᠲᠤᠰᠴᠤ᠂ ᠠᠴᠢ ᠬᠦᠤ ᠨᠢ ᠡᠵᠢ ᠳᠡᠭᠡᠨ ᠤᠲᠠᠰᠤ ᠢᠷᠡᠭᠦᠯᠵᠦ᠂ ᠠᠮᠢᠳᠤᠷᠠᠬᠤ ᠰᠠᠨᠠᠭ᠎ᠠ ᠥᠬᠡᠶ ᠪᠣᠯᠵᠠᠶ ᠭᠡᠪᠡ᠂ ᠬᠡᠤᠬᠡᠳ ᠤᠨ ᠡᠴᠢᠭᠡ ᠡᠬᠡ ᠨᠢ ᠴᠥᠮ ᠭᠠᠳᠠᠨ᠎ᠠ ᠣᠷᠣᠨ ᠳᠤ ᠪᠠᠶᠢᠨ᠎ᠠ᠂ ᠲᠠᠳᠠ ᠬᠡᠤᠬᠡᠳ ᠲᠡᠭᠡᠨ ᠤᠲᠠᠰᠤ ᠠᠪᠤᠭᠰᠠᠨ ᠪᠣᠯᠪᠠᠴᠤ ᠶᠡᠷᠦ ᠨᠢ ᠲᠣᠰᠴᠤ ᠠᠪᠤᠭᠰᠠᠨ ᠥᠬᠡᠶ᠂ ᠬᠡᠤᠬᠡᠳ ᠤᠨ ᠠᠮᠢ ᠨᠠᠰᠤᠨ ᠤ ᠠᠮᠤᠷ ᠲᠦᠪᠰᠢᠨ ᠤ ᠲᠥᠯᠥᠭᠡ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠪᠠ᠃    ᠠᠷᠠᠳ ᠤᠨ ᠴᠠᠭᠳᠠᠭ᠎ᠠ ᠮᠡᠳᠡᠭᠦᠯᠦᠭᠴᠢ ᠲᠠᠢ ᠬᠠᠷᠢᠯᠴᠠᠬᠤ ᠳᠠᠭᠠᠨ ᠬᠡᠤᠬᠡᠳ ᠬᠡᠷ ᠠᠴᠠ ᠪᠠᠨ ᠭᠠᠷᠬᠤ ᠳᠠᠭᠠᠨ ᠰᠠᠶᠢᠬᠠᠨ ᠲᠠᠯ᠎ᠠ ᠴᠡᠴᠡᠷᠯᠢᠭ ᠲᠤ ᠣᠴᠢᠵᠤ ᠨᠠᠭᠠᠳᠤᠨ᠎ᠠ ᠭᠡᠵᠡᠶ᠃ ᠠᠷᠠᠳ ᠤᠨ ᠴᠠᠭᠳᠠᠭ᠎ᠠ ᠰᠠᠶᠢᠬᠠᠨ ᠲᠠᠯ᠎ᠠ ᠴᠡᠴᠡᠷᠯᠢᠭ ᠲᠤ ᠨᠠᠷᠢᠨ ᠨᠢᠮᠪᠠᠶ ᠲᠣᠭᠤᠷᠢᠨ ᠪᠠᠶᠢᠴᠠᠭᠠᠭᠰᠠᠨ ᠪᠣᠯᠪᠠᠴᠤ ᠬᠡᠦᠬᠡᠳ ᠤᠨ ᠤᠯᠠ ᠮᠥᠷ ᠢ ᠶᠡᠷᠦ ᠣᠯᠵᠤ ᠮᠡᠳᠡᠭᠰᠡᠨ ᠦᠭᠡᠶ᠃ ᠠᠷᠠᠳ ᠤᠨ ᠴᠠᠭᠳᠠᠭ᠎ᠠ ︽965110︾ ᠲᠣᠮᠣ ᠳ᠋ᠠᠶᠢᠲ᠋ᠠ ᠶᠢᠨ ᠲᠤᠯᠭᠠᠭᠤᠷᠢᠯᠠᠯ ᠳᠣᠤᠷ᠎ᠠ᠂ ᠭᠤᠷᠪᠠᠨ ᠴᠠᠭ ᠭᠠᠷᠤᠶ ᠶᠢᠨ ᠴᠢᠷᠮᠠᠶᠢᠯᠭ᠎ᠠ ᠪᠠᠷ ᠳᠡᠮᠵᠢᠨ᠂ ᠡᠴᠦᠰ ᠲᠡᠭᠡᠨ ᠪᠤᠭᠤᠲᠤ ᠶᠢᠨ ᠭᠠᠯᠲᠤ ᠲᠡᠷᠭᠡᠨ ᠥᠷᠲᠡᠭᠡᠨ ᠤ ᠵᠡᠭᠦᠨ ᠥᠷᠲᠡᠭᠡᠨ ᠤ ᠣᠶᠢᠷᠠᠯᠴᠠᠭ᠎ᠠ ᠬᠡᠤᠬᠡᠳ ᠢᠶᠠᠨ ᠠᠮᠤᠷ ᠲᠦᠪᠰᠢᠨ ᠢᠶᠠᠷ ᠡᠷᠢᠵᠦ ᠣᠯᠤᠭᠰᠠᠨ ᠪᠠᠶᠢᠨ᠎ᠠ᠃ ᠠᠷᠠᠳ ᠤᠨ ᠴᠠᠭᠳᠠᠭ᠎ᠠ ᠬᠡᠦᠬᠡᠳ ᠠᠴᠠ ᠣᠶᠢᠯᠠᠭᠠᠭᠰᠠᠨ ᠢᠶᠠᠷ᠂ ᠠᠷᠠᠳ ᠤᠨ ᠴᠠᠭᠳᠠᠭ᠎ᠠ ᠬᠡᠷᠪᠡ ᠪᠠᠰᠠ ᠨᠢᠭᠡ ᠠᠯᠬᠤᠮ ᠣᠷᠦ᠋ᠢᠲᠠᠵᠤ ᠢᠷᠡᠪᠡᠯ ᠲᠡᠷᠭᠡᠨ ᠳᠤ ᠰᠠᠭᠤᠵᠤ ᠭᠠᠳᠠᠨ᠎ᠠ ᠣᠷᠣᠨ ᠳᠤ ᠣᠴᠢᠬᠤ ᠪᠣᠯᠤᠨ᠎ᠠ᠃ ᠬᠡᠦᠬᠡᠳ ᠤᠨ ᠡᠴᠢᠭᠡ ᠡᠬᠡ ᠨᠢ ᠠᠷᠠᠳ ᠤᠨ ᠴᠠᠭᠳᠠᠭ᠎ᠠ ᠶᠢᠨ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠣᠯᠤᠨ ᠬᠠᠯᠠᠰᠢᠷᠠᠯ ᠦᠭᠡᠶ ᠨᠠᠷᠢᠨ ᠨᠢᠮᠪᠠᠶ ᠠᠵᠢᠯᠯᠠᠵᠤ ᠪᠠᠶᠢᠭ᠎ᠠ ᠶᠢ ᠮᠠᠭᠲᠠᠨ ᠰᠠᠶᠢᠰᠢᠶᠠᠵᠤ ᠪᠠᠶᠢᠨ᠎ᠠ᠃   
C:\Users\Administrator\Desktop\新闻照片\图片2.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号