ᠬᠤᠶᠠᠷᠬᠤᠳᠳᠤᠭ ᠶᠢᠨ ᠬᠢᠨ ᠬᠠᠩᠰᠢ ᠶᠢᠨ ᠡᠳᠦᠷ ᠠᠴᠠ ᠡᠮᠦᠨᠡᠬᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/2
    ᠬᠠᠩᠰᠢ ᠶᠢᠨ ᠡᠳᠦᠷ ᠬᠦᠷᠴᠦ ᠢᠷᠡᠬᠦ ᠶᠢᠨ ᠦᠶ᠎ᠡ ᠪᠠᠷ ᠣᠩᠭᠤᠨ ᠳᠤ ᠭᠠᠷᠴᠤ ᠳᠡᠭᠡᠳᠦᠰ ᠢᠶᠠᠨ ᠳᠠᠭᠢᠬᠤ ᠣᠯᠠᠨ ᠲᠦᠮᠡᠨ ᠤ ᠲᠤᠭ᠎ᠠ ᠶᠡᠭᠡ ᠪᠠᠷ ᠨᠡᠮᠡᠭᠳᠡᠵᠡᠶ᠃ ᠬᠠᠩᠰᠢ ᠠᠴᠠ ᠡᠮᠦᠨᠡᠬᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠲᠦᠢᠮᠡᠷ ᠢ ᠰᠡᠷᠭᠡᠶᠢᠯᠡᠬᠦ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠤᠶᠠᠷᠬᠤᠳᠳᠤᠭ ᠶᠢᠨ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃
C:\Users\Administrator\Desktop\新闻照片\图片1.jpg
    ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢᠨ ᠰᠠᠶᠢᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠤᠶᠠᠷᠬᠤᠳᠳᠤᠭ ᠶᠢᠨ ᠰᠢᠶᠠᠩ ᠪᠠᠯᠭᠠᠰᠤ ᠶᠢᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠬᠢᠨ ᠣᠶᠢᠷ᠎ᠠ ᠶᠢᠨ ᠬᠤᠭᠤᠴᠠᠭᠠᠨ ᠤ ᠰᠢᠭᠤᠶᠢᠲᠤ ᠣᠷᠣᠨ ᠤ ᠭᠠᠯ ᠰᠡᠷᠭᠡᠶᠢᠯᠡᠬᠦ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠪᠣᠯᠪᠠᠰᠤᠨ ᠳᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠭᠠᠯ ᠤᠨᠲᠠᠷᠠᠭᠠᠬᠤ ᠠᠩᠭᠢ ᠶᠢᠨ ᠬᠢᠨ ︽ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠲᠤ ᠭᠠᠯ ᠰᠡᠷᠭᠡᠶᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠵᠠᠷᠯᠠᠯ︾ ᠢ ᠨᠠᠭᠠᠬᠤ᠂ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠬᠡᠭᠡᠷ᠎ᠡ ᠭᠠᠳᠠᠨ᠎ᠠ ᠠᠮᠤᠷ ᠲᠦᠪᠰᠢᠨ ᠢᠶᠠᠷ ᠭᠠᠯ ᠬᠡᠷᠡᠭᠯᠡᠬᠦ ᠵᠡᠷᠭᠡ ᠦᠨᠳᠦᠰᠦᠨ ᠶᠡᠷᠦ ᠶᠢᠨ ᠮᠡᠳᠡᠯᠭᠡ ᠵᠢᠴᠢ ᠪᠣᠯᠪᠠᠰᠤᠨ ᠢᠶᠠᠷ ᠳᠠᠬᠢᠬᠤ ᠪᠠ ᠰᠢᠭᠤᠶᠢᠲᠤ ᠣᠷᠣᠨ ᠤ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠳᠤ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠢᠶᠠᠷ ᠭᠠᠯ ᠬᠡᠷᠡᠭᠯᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠣᠶ ᠰᠢᠭᠤᠶ ᠶᠢᠨ ᠭᠠᠯ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠥᠷᠭᠡᠨ ᠪᠥᠭᠡᠳ ᠨᠢᠭᠲᠠ ᠪᠥᠭᠡᠳ ᠪᠠᠲᠤ ᠪᠠᠬᠢ ᠰᠦᠯᠵᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号