2024 ᠣᠨ ᠤ 1 — 2 ᠰᠠᠷ᠎ᠠ ᠶᠢᠨ ᠵᠢᠦ ᠶᠤᠸᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 10.21 ᠳ᠋ᠦᠩᠰᠢᠭᠤᠷ ᠲᠥᠭᠦᠷᠢᠭ ᠲᠤ ᠬᠦᠷᠴᠦ᠂ | ᠨᠡᠮᠡᠭᠳᠡᠯ ᠤᠨ ᠬᠤᠷᠳᠤᠴᠠ ᠨᠢ ᠨᠡᠶᠢᠲᠡ 4.3% ᠪᠣᠯᠪᠠ᠃ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.5 | ᠵᠠᠭᠤᠨ ᠤ ᠨᠢᠭᠡᠴᠢ ᠳᠡᠭᠡᠭᠰᠢᠯᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠲᠠᠪᠤᠳᠤᠭᠠᠷ ᠲᠤ ᠣᠷᠣᠵᠤ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠵᠢᠷᠭᠤᠳᠤᠭᠠᠷ ᠲᠤ ᠣᠷᠣᠪᠠ ︵ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠬᠤᠶᠠᠷ ᠬᠥᠮᠦᠨ ᠳᠡᠭᠡᠭᠰᠢᠯᠡᠪᠡ︶᠃ | ᠳᠡᠭᠡᠷᠡᠬᠢ ᠨᠢᠭᠡᠴᠡ ᠠᠴᠠ ᠦᠵᠡᠪᠡᠯ᠂ ᠢᠳᠡᠭᠡᠨ ᠤᠮᠳᠠᠭᠠᠨ ᠤ ᠬᠡᠷᠡᠭᠯᠡᠭᠡ ᠪᠠᠭ᠎ᠠ ᠪᠠᠭᠤᠷᠠᠭᠰᠠᠨ ᠪᠠᠶᠢᠨ᠎ᠠ᠃ 1 | — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 5.51 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠡᠭᠦᠨ ᠤ ᠳᠣᠲᠣᠷ᠎ᠠ᠂ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ 5.28 ᠳ᠋ᠦᠩᠰᠢᠭᠤᠷ ᠲᠥᠭᠦᠷᠢᠭ ᠲᠤ ᠬᠦᠷᠴᠦ᠂ 7.2% ᠢᠶᠠᠷ ᠨᠡᠮᠡᠭᠳᠡᠪᠡ︔ ᠢᠳᠡᠭᠡᠨ | ᠤᠮᠳᠠᠭᠠᠨ ᠤ ᠣᠷᠣᠯᠭ᠎ᠠ ᠶᠢ 0.23 ᠳ᠋ᠦᠩᠰᠢᠭᠤᠷ ᠲᠥᠭᠦᠷᠢᠭ ᠲᠣᠬᠢᠷᠠᠭᠤᠯᠵᠤ᠂ 5.5% ᠪᠠᠷ ᠪᠠᠭᠤᠷᠠᠭᠤᠯᠤᠨ᠎ᠠ᠃ | ᠭᠤᠣᠯᠳᠠᠯᠭ᠎ᠠ ᠲᠠᠢ ᠠᠵᠢᠯ ᠲᠦᠷᠦᠯ ᠢᠶᠠᠷ ᠠᠪᠴᠤ ᠦᠵᠡᠪᠡᠯ᠂ ᠴᠢᠯᠠᠭᠤᠨ ᠲᠤᠰᠤᠨ ᠤ ᠲᠦᠷᠦᠯ ᠤᠨ ᠲᠠᠸᠠᠷ ᠤᠨ | ᠨᠡᠮᠡᠭᠳᠡᠯ ᠨᠡᠯᠢᠶᠡᠳ ᠰᠠᠶᠢᠨ ᠪᠠᠶᠢᠨ᠎ᠠ᠃ 1 — 2 ᠳ᠋ᠤᠭᠠᠷ ᠰᠠᠷ᠎ᠠ ᠳᠤ᠂ ᠴᠢᠯᠠᠭᠤᠨ ᠲᠣᠰᠣᠨ ᠤ ᠲᠥᠷᠥᠯ ᠤᠨ | ᠲᠠᠸᠠᠷ ᠪᠣᠯ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠭᠤᠤᠯ ᠨᠡᠮᠡᠭᠳᠡᠯ ᠤᠨ ᠴᠡᠭ ᠪᠠᠶᠢᠵᠤ᠂ ᠪᠥᠬᠦ ᠲᠣᠭᠤᠷᠢᠭ ᠤᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 17.79% ᠨᠡᠮᠡᠭᠳᠡᠪᠡ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ 1.35% ᠪᠠᠷ ᠨᠡᠮᠡᠭᠳᠡᠪᠡ᠃ | |