ᠨᠠᠰᠤᠵᠢᠯ ᠤᠨ ᠠᠰᠠᠷᠠᠮᠵᠢ ᠶᠢᠨ ᠵᠣᠭᠤᠰ ᠢ ᠪᠠᠲᠤ ᠰᠠᠬᠢᠵᠤ᠂ ᠥᠲᠡᠯᠦᠭᠡ ᠨᠠᠰᠤ ᠪᠠᠨ ᠵᠣᠯ ᠵᠢᠷᠭᠠᠯ ᠲᠠᠢ ᠪᠣᠯᠭᠠᠨ᠎ᠠ
ᠨᠡᠶᠢᠲᠡᠯᠡᠭᠰᠡᠨ ᠴᠠᠭ᠄
2024/4/23
    ᠤᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠮᠡᠬᠡᠯᠡᠬᠦ ᠶᠢ ᠡᠰᠡᠷᠭᠦᠴᠡᠬᠦ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 22 ᠤᠨ ᠦᠳᠡ ᠶᠢᠨ ᠡᠮᠦᠨ᠎ᠡ᠂ ᠵᠡᠭᠡᠯᠢ ᠭᠤᠳᠤᠮᠵᠢ ᠶᠢᠨ ᠬᠢᠨ ᠭᠡᠷ ᠬᠤᠷᠢᠶᠠᠯᠠᠯ ᠤᠨ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠵᠤ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭ᠎ᠠ ᠶᠢᠨ ᠲᠠᠰᠤᠭ᠂ ᠨᠢᠭᠡᠳᠦᠭᠡᠷ ᠳᠠᠪᠬᠤᠷᠯᠢᠭ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠨᠠᠰᠤᠲᠠᠶᠢᠴᠤᠳ ᠢ ᠤᠷᠤᠯᠴᠠᠭᠤᠯᠪᠠ᠃
C:\Users\Administrator\Desktop\新闻照片\1.jpg
    ᠤᠬᠠᠭᠤᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠰᠠᠭᠤᠭᠠᠯᠢ ᠠᠷᠠᠳ ᠵᠠᠩ ᠠᠨᠢᠶ᠎ᠠ ᠥᠪᠡᠷ ᠤᠨ ᠪᠡᠶ᠎ᠡ ᠪᠠᠷ ᠢᠶᠠᠨ ᠶᠠᠷᠢᠶ᠎ᠠ ᠲᠠᠯᠪᠢᠵᠤ᠂ ᠣᠶᠢᠷ᠎ᠠ ᠳᠤ ᠲᠣᠬᠢᠶᠠᠯᠳᠤᠭᠰᠠᠨ ᠨᠢᠭᠡ ᠤᠳᠠᠭᠠᠨ ᠤ ᠮᠡᠬᠡᠯᠡᠯ ᠤᠨ ᠰᠡᠵᠢᠭ ᠲᠠᠢ ᠤᠴᠠᠷᠠᠯ ᠢᠶᠠᠨ ᠶᠠᠷᠢᠪᠠ᠃ ᠵᠠᠩ ᠠᠨᠢᠶ᠎ᠠ ᠶᠢᠨ ᠬᠡᠯᠡᠬᠦ ᠪᠠᠷ᠂ ᠲᠠᠨᠢᠯ ᠪᠤᠰᠤ ᠬᠥᠮᠦᠨ ᠸᠢᠳᠢᠣ᠋ ᠪᠠᠷ ᠤᠲᠠᠰᠤ ᠢᠷᠡᠭᠦᠯᠵᠦ᠂ ᠲᠤᠩ ᠰᠢᠶᠦ᠋ᠨ ᠺᠣᠮᠫᠠᠨᠢ ᠶᠢᠨ ᠬᠡᠷᠡᠭᠯᠡᠵᠦ ᠪᠠᠶᠢᠭ᠎ᠠ ᠰᠦᠯᠵᠢᠶᠡᠨ ᠤ ᠵᠠᠷᠤᠳᠠᠯ ᠢ ᠥᠷᠢᠲᠦᠵᠦ ᠪᠠᠶᠢᠨ᠎ᠠ ᠭᠡᠰᠡᠨ ᠳᠤ᠂ ᠠᠨᠢᠶ᠎ᠠ ᠶᠢᠨ ᠬᠡᠯᠡᠬᠦ ᠶᠢ ᠰᠣᠨᠣᠰᠤᠮᠠᠭᠴᠠ ᠲᠡᠷᠡ ᠳᠠᠷᠤᠶ ᠳᠤᠨᠢ ᠳᠦᠷᠰᠦ ᠰᠢᠩᠭᠡᠭᠡᠯᠲᠡ ᠶᠢᠨ ᠮᠠᠰᠢᠨ ᠢᠶᠠᠨ ᠡᠷᠭᠢᠭᠦᠯᠪᠡ ᠭᠡᠵᠡᠶ᠃ ᠰᠠᠶᠢᠨ ᠳᠤᠷ᠎ᠠ ᠶᠢᠨ ᠦᠢᠯᠡᠴᠢᠯᠡᠭᠴᠢ ᠵᠠᠩ ᠠᠨᠢᠶ᠎ᠠ ᠶᠢᠨ ᠰᠡᠷᠭᠡᠶᠢᠯᠡᠬᠦ ᠤᠬᠠᠮᠰᠠᠷ ᠮᠠᠰᠢ ᠴᠢᠩᠭ᠎ᠠ ᠪᠠᠶᠢᠨ᠎ᠠ᠂ ᠮᠡᠬᠡᠯᠡᠭᠴᠢ ᠨᠢ ᠰᠠᠭᠤᠭᠠᠯᠢ ᠠᠷᠠᠳ ᠤᠨ ᠨᠢᠭᠤᠷ ᠴᠢᠷᠠᠶ ᠶᠢ ᠢᠯᠭᠠᠨ ᠲᠠᠨᠢᠬᠤ ᠶᠢᠨ ᠲᠥᠯᠥᠭᠡ ᠬᠢᠭᠰᠡᠨ ᠴᠠᠬᠢᠯᠭᠠᠨ ᠬᠤᠯᠪᠣᠭᠠᠨ ᠤ ᠮᠡᠬᠡᠯᠡᠯ ᠤᠨ ᠠᠵᠢᠯᠯᠠᠭ᠎ᠠ ᠪᠠᠶᠢᠵᠤ ᠮᠡᠳᠡᠨ᠎ᠡ ᠭᠡᠵᠦ ᠮᠠᠭᠲᠠᠭᠰᠠᠨ ᠪᠥᠭᠡᠳ ᠡᠶᠢᠮᠦᠷᠬᠦ ᠪᠠᠶᠢᠳᠠᠯ ᠲᠣᠬᠢᠶᠠᠯᠳᠤᠪᠠᠯ 96110 ᠳᠤ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠤᠨ᠎ᠠ ᠭᠡᠵᠦ ᠮᠡᠳᠡᠭᠳᠡᠵᠡᠶ᠃    ᠲᠤᠬᠠᠶ ᠶᠢᠨ ᠲᠠᠯᠠᠪᠤᠷ ᠲᠤ᠂ ᠰᠠᠶᠢᠨ ᠳᠤᠷ᠎ᠠ ᠶᠢᠨ ᠠᠵᠢᠯᠯᠠᠭᠴᠢ ᠠᠴᠠ ᠨᠠᠰᠤᠲᠠᠶᠢᠴᠤᠳ ᠲᠤ ᠮᠡᠬᠡᠯᠡᠯ ᠬᠢᠬᠦ ᠶᠢ ᠰᠡᠷᠭᠡᠶᠢᠯᠡᠬᠦ ᠳᠤ ︽ᠭᠤᠷᠪᠠ ᠶᠢ ᠭᠦᠢᠴᠡᠳᠭᠡᠬᠦ︾ ᠬᠡᠷᠡᠭᠲᠡᠶ ᠭᠡᠵᠦ ᠵᠠᠬᠢᠪᠠ᠃ ᠨᠢᠭᠡᠳᠦᠭᠡᠷ ᠲᠤ᠂ ᠤᠴᠢᠷ ᠶᠠᠪᠤᠳᠠᠯ ᠲᠣᠬᠢᠶᠠᠯᠳᠤᠪᠠᠯ ᠦᠷ᠎ᠡ ᠬᠡᠦᠬᠡᠳ ᠲᠠᠢ ᠪᠠᠨ ᠢᠯᠡᠭᠦᠬᠡᠨ ᠰᠣᠯᠢᠯᠴᠠᠵᠤ᠂ ᠦᠷ᠎ᠡ ᠬᠡᠦᠬᠡᠳ ᠤᠨ ᠢᠶᠠᠨ ᠰᠠᠨᠠᠯ ᠢ ᠢᠯᠡᠭᠦᠬᠡᠨ ᠠᠰᠠᠭᠤᠬᠤ ᠶᠢ ᠪᠡᠶᠡᠯᠡᠭᠦᠯᠬᠦ ᠬᠡᠷᠡᠭᠲᠡᠶ︔ ᠬᠤᠶᠠᠳᠤᠭᠠᠷ ᠲᠤ᠂ ᠵᠠᠪᠰᠢᠨ ᠳᠠᠯᠢᠮᠳᠠᠭᠤᠯᠬᠤ ᠪᠤᠳᠤᠯ ᠠᠴᠠ ᠵᠠᠶᠢᠯᠠᠰᠬᠢᠵᠦ᠂ ᠥᠴᠦᠬᠡᠨ ᠠᠰᠢᠭ ᠲᠤ ᠰᠢᠨᠤᠬᠠᠶᠢᠷᠠᠬᠤ ᠦᠭᠡᠢ ᠪᠠᠷ ᠵᠢᠩᠬᠢᠨᠢ ᠠᠷᠭ᠎ᠠ ᠵᠠᠮ᠂ ᠪᠠᠶᠢᠭᠤᠯᠤᠮᠵᠢ ᠪᠠᠷ ᠪᠡᠯᠡ ᠣᠷᠣᠭᠤᠯᠬᠤ ᠬᠡᠷᠡᠭᠲᠡᠶ︔ ᠭᠤᠷᠪᠠᠳᠤᠭᠠᠷ ᠲᠤ᠂ ᠢᠯᠡᠭᠦᠬᠡᠨ ᠰᠤᠷᠤᠯᠴᠠᠵᠤ᠂ ᠮᠡᠬᠡᠯᠡᠭᠳᠡᠬᠦ ᠠᠴᠠ ᠰᠡᠷᠭᠡᠶᠢᠯᠡᠬᠦ ᠠᠷᠭ᠎ᠠ ᠶᠢ ᠢᠯᠡᠭᠦᠬᠡᠨ ᠣᠶᠢᠯᠠᠭᠠᠵᠤ᠂ ᠲᠡᠮᠦᠷ ᠢ ᠳᠠᠪᠲᠠᠬᠤ ᠳᠤ ᠥᠪᠡᠷ ᠢᠶᠠᠨ ᠬᠠᠲᠠᠭᠤ ᠪᠠᠶᠢᠵᠤ᠂ ᠮᠡᠬᠡᠯᠡᠭᠴᠢ ᠶᠢ ᠵᠠᠪᠰᠢᠬᠤ ᠵᠠᠪᠰᠢᠶᠠᠨ ᠥᠬᠡᠶ ᠪᠣᠯᠭᠠᠬᠤ ᠬᠡᠷᠡᠭᠲᠡᠶ᠃
C:\Users\Administrator\Desktop\新闻照片\2.jpg
    ᠤᠬᠠᠭᠤᠯᠭ᠎ᠠ ᠪᠠᠷ ᠳᠡᠮᠵᠢᠨ᠂ ᠭᠡᠷ ᠬᠤᠷᠢᠶᠠᠯᠠᠯ ᠤᠨ ᠣᠯᠠᠨ ᠲᠦᠮᠡᠨ ᠳᠤ ᠣᠳᠣᠬᠠᠨ ᠤ ᠮᠡᠬᠡᠯᠡᠯ ᠢ ᠡᠰᠡᠷᠭᠦᠴᠡᠬᠦ ᠪᠠᠶᠢᠳᠠᠯ᠂ ᠢᠯᠠᠩᠭᠤᠶ᠎ᠠ ᠨᠠᠰᠤᠲᠠᠶᠢᠴᠤᠳ ᠤᠨ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠠᠶᠢᠨ ᠣᠶᠢᠯᠠᠭᠠᠬᠤ ᠥᠬᠡᠶ ᠠᠴᠠ ᠪᠣᠯᠵᠣ᠂ ᠮᠡᠳᠡᠭᠡ ᠵᠠᠩᠭᠢ ᠤᠯᠬᠤ ᠠᠷᠭ᠎ᠠ ᠵᠠᠮ ᠨᠢ ᠨᠡᠯᠢᠶᠡᠳ ᠲᠠᠩ ᠴᠤᠯᠭᠤᠶ ᠪᠠᠶᠢᠳᠠᠭ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠳᠤ ᠨᠠᠩ ᠴᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠠᠰᠢᠭᠯᠠᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠳᠡᠭ ᠢ ᠲᠠᠨᠢᠭᠤᠯᠵᠠᠶ᠃ ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠠᠷᠠᠳ ᠤᠨ ᠬᠢᠬᠠᠨ ᠮᠡᠬᠡᠯᠡᠬᠦ ᠶᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠬᠢᠬᠠᠨ ᠮᠡᠬᠡᠯᠡᠬᠦ ᠶᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号